摘要 |
ᠵᠠᠯᠠᠭᠤ ᠪᠠᠭᠠᠴᠤᠳ ᠨᠢ ᠬᠠᠤᠯᠢ ᠡᠴᠡ ᠵᠦᠷᠢᠴᠡᠵᠦ ᠶᠠᠯ ᠠ ᠬᠢᠬᠦ ᠪᠤᠯ ᠤᠯᠠᠨ ᠵᠦᠢᠯ ᠤᠨ ᠰᠢᠯᠲᠠᠭᠠᠨ ᠦ ᠶᠡᠷᠦᠩᠬᠡᠢ ᠦᠢᠯᠡᠳᠦᠯ ᠤᠨ ᠦᠷ ᠡ ᠳ᠋ᠦᠩ ᠪᠤᠯᠤᠨ᠎ᠠ᠃ ᠤᠷᠢᠳᠴᠢᠯᠡᠨ ᠰᠡᠷᠬᠡᠢ᠌ᠯᠡᠬᠦ ᠪᠤᠯ ᠶᠠᠯᠠᠳᠦ ᠭᠡᠷᠡᠭ ᠡᠭᠦᠰᠬᠦ ᠶᠢ ᠪᠠᠭᠠᠰᠬᠠᠬᠤ ᠬᠠᠮᠤᠭ ᠪᠦᠳᠦᠮᠵᠢᠲᠡᠢ ᠠᠷᠭ᠎ᠠ ᠬᠡᠮᠵᠢᠶ ᠡ ᠪᠤᠯᠬᠤ ᠶᠤᠮ᠃ ᠳᠤᠰ ᠦᠭᠦᠯᠡᠯ ᠳᠤ ᠵᠤᠬᠢᠶᠠᠭᠴᠢ ᠡᠴᠡ ᠤᠳᠤᠬᠠᠨ ᠦ ᠵᠠᠷᠢᠮ ᠵᠠᠯᠠᠭᠤ ᠪᠠᠭᠠᠴᠤᠳ ᠤᠨ ᠶᠠᠯ ᠠ ᠬᠢᠵᠦ ᠪᠠᠢ᠌ᠭ᠎ᠠ ᠪᠤᠲᠠᠳᠤ ᠪᠠᠢ᠌ᠳᠠᠯ ᠳᠤ ᠴᠢᠭᠯᠡᠭᠦᠯᠦᠨ᠂ ᠭᠡᠷ ᠪᠦᠯᠢ᠂ ᠰᠣᠷᠭᠠᠭᠣᠯᠢ᠂ ᠨᠡᠢ᠌ᠭᠡᠮ ᠬᠠᠮᠳᠦ ᠪᠡᠷ ᠬᠦᠳᠡᠯᠤᠯᠴᠡᠨ᠂ ᠨᠡᠢ᠌ᠭᠡᠮ ᠤᠨ ᠰᠢᠰᠲ᠋ᠸᠮᠴᠢᠯᠡᠭᠰᠡᠨ ᠠᠵᠢᠯᠯᠠᠭ᠎ᠠ ᠪᠡᠷ ᠳᠠᠮᠵᠢᠭᠤᠯᠤᠨ ᠵᠠᠯᠠᠭᠤ ᠪᠠᠭᠠᠴᠤᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭ᠍ᠰᠢᠯᠡᠭᠦᠯᠵᠦ᠂ ᠳᠡᠳᠡᠨ ᠦ ᠶᠠᠯ ᠠ ᠬᠢᠬᠦ ᠶᠢ ᠤᠷᠢᠳᠴᠢᠯᠡᠨ ᠰᠡᠷᠬᠡᠢ᠌ᠯᠡᠬᠦ ᠠᠷᠭ᠎ᠠ ᠬᠡᠮᠵᠢᠶ ᠡ ᠶᠢᠨ ᠲᠤᠬᠠᠢ ᠦᠭᠦᠯᠡᠭᠰᠡᠨ ᠪᠠᠢ᠌ᠨ᠎ᠠ᠃ |