题名 |
ᠮᠣᠩᠭᠤᠯ ᠦᠨᠳᠦᠰᠦᠲᠡᠨ ᠦ ᠡᠮᠡᠭᠲᠡᠢ᠌ᠴᠦᠳ ᠦᠨ ᠠᠮᠢ ᠠᠬᠤᠢ ᠶᠢᠨ ᠤᠷᠠᠨ ᠵᠤᠬᠢᠶᠠᠯ ᠤᠨ ᠲᠤᠬᠠᠢ ᠠᠩ᠋ᠬᠠᠨ ᠤ ᠰᠢᠨᠵᠢᠯᠡᠯ |
作者 |
ᠰᠤᠪᠤᠳᠤᠨᠴᠡᠴᠡᠭ |
关键词 |
ᠮᠣᠩᠭᠤᠯ ᠡᠮᠡᠭᠲᠡᠢ᠌ᠢᠴᠦᠳ; ᠠᠮᠢ ᠠᠬᠤᠢ; ᠤᠷᠠᠨ ᠵᠤᠬᠢᠶᠠᠯ |
摘要 |
ᠠᠮᠢ ᠠᠬᠤᠢ ᠶᠢᠨ ᠤᠷᠠᠨ ᠵᠤᠬᠢᠶᠠᠯ ᠤᠨ ᠬᠦᠭ᠍ᠵᠢᠯᠲᠡ ᠪᠡ ᠰᠤᠳᠤᠯᠭᠠᠨ ᠤ ᠳᠡᠭᠡᠭ᠍ᠰᠢᠯᠡᠯᠲᠡ ᠶᠢ ᠳᠠᠭᠠᠯᠳᠤᠨ ᠠᠮᠢ ᠠᠬᠤᠢ ᠶᠢᠨ ᠰᠤᠳᠤᠯᠭᠠᠨ ᠨᠢ ᠣᠯᠠᠨ ᠲᠦᠷᠦᠯ ᠦᠨ ᠰᠢᠨᠵᠢᠯᠡᠬᠦ ᠤᠬᠠᠭᠠᠨ ᠲᠠᠢ ᠠᠭᠤᠰᠤᠯᠴᠠᠵᠤ᠂ ᠣᠯᠠᠨ ᠬᠠᠷᠠᠭᠠᠰᠤ ᠠᠴᠠ ᠰᠤᠳᠤᠯᠤᠭᠳᠠᠬᠤ ᠪᠤᠯᠤᠭᠰᠠᠨ ᠪᠠᠢ᠌ᠨ᠎ᠠ᠃ ᠡᠮᠡᠭᠲᠡᠢ᠌ᠴᠦᠳ ᠦᠨ ᠠᠮᠢ ᠠᠬᠤᠢ ᠶᠢᠨ ᠦᠵᠡᠯ ᠪᠡ ᠤᠷᠠᠨ ᠵᠤᠬᠢᠶᠠᠯ ᠨᠢ ᠨᠢᠭᠡᠨ ᠴᠤ ᠰᠢᠨ᠎ᠡ ᠵᠠᠪᠰᠠᠷ ᠤᠨ ᠰᠢᠨᠵᠢᠯᠡᠭᠡᠨ ᠪᠤᠯᠵᠤ᠂ ᠵᠤᠬᠢᠬᠤ ᠪᠠᠢ᠌ᠷᠢ ᠰᠠᠭᠤᠷᠢ ᠪᠠᠨ ᠣᠯᠵᠤ ᠬᠦᠭ᠍ᠵᠢᠪᠡ᠃ ᠮᠣᠩ᠋ᠭᠤᠯ ᠦᠨᠳᠦᠰᠦᠲᠡᠨ ᠦ ᠡᠮᠡᠭᠲᠡᠢ᠌ᠴᠦᠳ ᠦᠨ ᠠᠮᠢ ᠠᠬᠤᠢ ᠶᠢᠨ ᠤᠷᠠᠨ ᠵᠤᠬᠢᠶᠠᠯ ᠨᠢ ᠪᠤᠰᠤᠳᠴᠢ ᠪᠠᠷ ᠣᠷᠤᠰᠢᠵᠤ ᠪᠠᠢ᠌ᠭ᠎ᠠ ᠪᠤᠯᠪᠠᠴᠤ ᠣᠯᠪᠠᠰᠤ ᠵᠤᠬᠢᠬᠤ ᠪᠠᠢ᠌ᠷᠢ ᠰᠠᠭᠤᠷᠢ ᠪᠠᠨ ᠬᠠᠷᠠᠬᠠᠨ ᠣᠯᠵᠤ ᠴᠢᠳᠠᠭ᠎ᠠ ᠦᠭᠡᠢ ᠶᠤᠮ᠃ ᠡᠨᠳᠡ ᠮᠣᠩ᠋ᠭᠤᠯ ᠦᠨᠳᠦᠰᠦᠲᠡᠨ ᠦ ᠡᠮᠡᠭᠲᠡᠢ᠌ᠴᠦᠳ ᠦᠨ ᠠᠮᠢ ᠠᠬᠤᠢ ᠶᠢᠨ ᠤᠷᠠᠨ ᠵᠤᠬᠢᠶᠠᠯ ᠤᠨ ᠤᠬᠠᠭᠳᠠᠬᠤᠨ᠂ ᠨᠡᠷᠡᠢ᠌ᠳᠦᠯ᠂ ᠣᠨᠴᠠᠯᠢᠭ ᠰᠢᠨᠵᠢ᠂ ᠬᠦᠷᠢᠶ᠎ᠡ ᠴᠠᠷᠠᠭ᠎ᠠ ᠶᠢᠨ ᠲᠤᠬᠠᠢ ᠠᠩ᠋ᠬᠠᠨ ᠤ ᠠᠵᠢᠭᠯᠠᠯᠲᠠ ᠬᠢᠵᠦ᠂ ᠣᠨᠣ ᠦᠵᠡᠯᠲᠡ ᠪᠡᠨ ᠠᠩ᠋ᠬ᠎ᠠ ᠠᠯᠬᠤᠮ ᠳᠤᠷᠠᠳᠴᠤ ᠭᠠᠷᠭᠠᠬᠤ ᠶᠢ ᠵᠤᠷᠢᠯ᠎ᠠ᠃ |
原文 |
查看原文
|
出自 |
中国蒙古学
2013年
第3期
|