论文信息


题名 ᠰᠤᠶᠤᠨ ᠭᠡᠭᠡᠷᠡᠭᠦᠯᠦᠭᠴᠢ ᠢᠨᠵᠠᠨᠨᠠᠰᠢ ᠶᠢᠨ ᠬᠠᠷᠠᠭᠠᠨ ᠳᠡᠬᠢ ᠪᠤᠷᠬᠠᠨ ᠱᠠᠰᠢᠨ
作者 ᠲᠡᠷᠡᠢᠭᠦᠨᠪᠠᠶᠠᠷ
关键词 ᠰᠡᠭᠡᠭᠡᠳᠡᠨ; ᠪᠤᠷᠬᠠᠨ ᠱᠠᠰᠢᠨ; ᠬᠤᠪᠢᠰᠤᠯᠳᠠ; ᠦᠵᠡᠯ ᠤᠬᠠᠮᠰᠠᠷ ᠤᠨ ᠬᠡᠯᠪᠡᠷᠢ
摘要 ᠮᠤᠩᠭ᠋ᠤᠯ ᠤᠨ ᠤᠢᠢᠷ᠎ᠠ ᠦᠶ᠎ᠡ ᠶᠢᠨ ᠰᠤᠶᠤᠨ ᠭᠡᠭᠡᠷᠡᠭᠦᠯᠦᠭᠴᠢ ᠰᠡᠭᠡᠭᠡᠳᠡᠨ ᠬᠡᠮᠡᠨ ᠠᠯᠳᠠᠷᠰᠢᠭᠰᠠᠨ ᠢᠨᠵᠠᠨᠨᠠᠰᠢ ᠨᠢ ᠪᠤᠷᠬᠠᠨ ᠱᠠᠰᠢᠨ ᠤ ᠲᠤᠬᠠᠢ《ᠦᠪᠡᠷᠮᠢᠴᠡ》ᠦᠵᠡᠯᠳᠡ ᠲᠠᠨᠢᠯᠳᠠ ᠪᠠᠨ ᠲᠤᠷᠠᠳᠤᠭᠰᠠᠨ ᠪᠠᠢᠢᠳᠠᠭ᠃ ᠲᠡᠭᠦᠨ ᠤ ᠦᠵᠡᠯᠳᠡ ᠰᠠᠨᠠᠭ᠎ᠠ ᠨᠢ ᠬᠤᠷᠢᠳᠤᠭᠠᠷ ᠵᠠᠭᠤᠨ ᠤ ᠮᠤᠩᠭ᠋ᠤᠯ ᠰᠡᠭᠡᠭᠡᠳᠡᠳ᠂ ᠤᠯᠤᠰ ᠲᠦᠷᠦᠴᠢᠳ ᠨᠢ ᠠᠳᠠᠯᠢ ᠪᠤᠰᠤ ᠵᠤᠭᠰᠤᠴᠠ᠂ ᠠᠳᠠᠯᠢ ᠪᠤᠰᠤ ᠠᠰᠢᠭ ᠰᠤᠨᠢᠷᠬᠠᠯ ᠤᠨ ᠡᠭᠦᠳᠡᠨ ᠡᠴᠡ ᠲᠠᠬᠢᠨ ᠴᠤᠭᠴᠠᠯᠠᠵᠤ᠂ ᠲᠠᠬᠢᠨ ᠲᠠᠢᠢᠯᠪᠤᠷᠢᠯᠠᠵᠤ ᠂ ᠮᠦᠨ ᠡᠭᠦᠨ ᠤ ᠤᠯᠠᠮ ᠡᠴᠡ ᠪᠤᠷᠬᠠᠨ ᠱᠠᠰᠢᠨ ᠳᠤ ᠬᠡᠷᠬᠢᠨ ᠬᠠᠨᠳᠤᠬᠤ᠂ ᠪᠤᠷᠬᠠᠨ ᠱᠠᠰᠢᠨ ᠢ ᠬᠡᠷᠬᠢᠨ ᠦᠭᠡᠷᠡᠴᠢᠯᠡᠬᠦ᠂ ᠨᠡᠩ ᠴᠢᠨᠠᠭᠰᠢᠯᠠᠪᠠᠯ ᠪᠤᠷᠬᠠᠨ ᠱᠠᠰᠢᠨ ᠳᠤ ᠬᠡᠷᠬᠢᠨ ᠬᠤᠪᠢᠰᠬᠠᠯ ᠬᠢᠬᠦ ᠨᠡᠢᠢᠭᠡᠮ ᠤᠨ ᠦᠭᠡᠷᠡᠴᠢᠯᠡᠯᠳᠡ ᠶᠢᠨ 《ᠶᠡᠬᠡ ᠢᠨᠵᠸᠨ᠋ᠸᠷᠢᠩ》᠋ ᠳᠤ ᠪᠠᠨ ᠦᠵᠡᠯ ᠤᠬᠠᠮᠰᠠᠷ ᠤᠨ ᠬᠡᠯᠪᠡᠷᠢ ᠶᠢᠨ ᠪᠤᠶᠤ ᠨᠡᠢᠢᠭᠡᠮ ᠤᠨ ᠬᠡᠯᠡ ᠶᠠᠷᠢᠶ᠎ᠠ ᠶᠢᠨ ᠶᠡᠬᠡ ᠠᠵᠢᠯᠯᠠᠭ᠎ᠠ ᠬᠢᠵᠦ ᠪᠠᠢᠢᠭᠰᠠᠨ ᠶᠤᠮ᠃ ᠢᠨᠵᠠᠨᠨᠠᠰᠢ ᠶᠢᠨ ᠪᠤᠷᠬᠠᠨ ᠱᠠᠰᠢᠨ ᠤ ᠲᠤᠬᠠᠢ ᠦᠵᠡᠯᠳᠡ ᠲᠠᠨᠢᠯᠳᠠ ᠶᠢ ᠠᠩᠬᠠᠷᠤᠯ  ᠳᠤ ᠪᠠᠨ ᠠᠪᠴᠤ᠂ ᠬᠤᠷᠢᠳᠤᠭᠠᠷ ᠵᠠᠭᠤᠨ ᠤ ᠮᠤᠩᠭ᠋ᠤᠯ ᠤᠨ ᠪᠤᠷᠬᠠᠨ ᠱᠠᠰᠢᠨ ᠤ ᠨᠡᠢᠢᠭᠡᠮ ᠰᠤᠶᠤᠯ ᠤᠨ ᠶᠡᠬᠡ ᠬᠤᠪᠢᠰᠤᠯᠳᠠ ᠶᠢ ᠲᠠᠬᠢᠨ ᠨᠠᠷᠢᠪᠴᠢᠯᠠᠬᠤ ᠨᠢ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ ᠃
原文 查看原文
出自 赤峰学院学报(蒙文哲学社会科学版) 2015年 第4期

联系我们


内蒙古大学图书馆
呼和浩特市大学西路235号
中国·内蒙古
P: (0471) 4992561
E: huangfeilong@imu.edu.cn