题名 |
ᠤᠳᠬ᠎ᠠ ᠵᠤᠬᠢᠶᠠᠯ ᠳᠤ ᠦᠵᠡᠭᠦᠯᠬᠦ ᠵᠠᠭᠤᠴᠢᠯᠠᠭᠤᠷ ᠬᠢᠭᠡᠳ ᠵᠠᠭᠤᠴᠢ ᠶᠢᠨ ᠦᠢᠯᠡᠳᠦᠯ ᠡᠴᠡ ᠰᠡᠳᠦᠪᠯᠡᠬᠦ ᠨᠢ — ᠮᠣᠩᠭᠤᠯ ᠤᠳᠬ᠎ᠠ ᠶᠢᠨ ᠰᠤᠷᠭᠠᠯ ᠤᠨ ᠬᠤᠷᠠᠯ ᠬᠢᠭᠡᠳ 《ᠤᠯᠠᠭᠠᠨ ᠪᠠᠷᠠᠰ》ᠰᠡᠳᠭᠦᠯ ᠦᠨ ᠵᠢᠱᠢᠶᠡᠨ ᠳᠡᠭᠡᠷ᠎ᠡ |
作者 |
ᠵᠠ᠂ ᠢᠯᠠᠨ; ᠰᠡᠴᠡᠨᠲᠤᠶᠠᠭ᠎ᠠ |
关键词 |
ᠵᠠᠭᠤᠴᠢ; ᠵᠠᠭᠤᠴᠢᠯᠠᠭᠤᠷ; ᠤᠳᠬ᠎ᠠ ᠵᠤᠬᠢᠶᠠᠯ; ᠦᠢᠯᠡᠳᠦᠯ ᠨᠦᠯᠦᠭᠡ |
摘要 |
ᠪᠢᠳᠡ ᠡᠨᠳᠡ ᠮᠣᠩ᠋ᠭᠤᠯ ᠤᠳᠬ᠎ᠠ ᠶᠢᠨ ᠰᠤᠷᠭᠠᠯ ᠤᠨ ᠬᠤᠷᠠᠯ ᠬᠢᠭᠡᠳ 《ᠤᠯᠠᠭᠠᠨ ᠪᠠᠷᠰ》ᠰᠡᠳᠭᠦᠯ ᠦᠨ ᠤᠳᠬ᠎ᠠ ᠵᠤᠬᠢᠶᠠᠯ ᠯᠤᠭ᠎ᠠ ᠶᠢᠨ ᠬᠠᠷᠢᠴᠠᠭ᠎ᠠ ᠬᠤᠯᠪᠤᠭᠠᠨ ᠳᠤ ᠵᠢᠱᠢᠶᠡᠯᠡᠨ᠂ ᠵᠠᠭᠤᠴᠢ ᠪᠠ ᠵᠠᠭᠤᠴᠢᠯᠠᠭᠤᠷ ᠤᠨ ᠤᠳᠬ᠎ᠠ ᠵᠤᠬᠢᠶᠠᠯ ᠳᠤ ᠦᠵᠡᠭᠦᠯᠬᠦ ᠨᠦᠯᠦᠭᠡ ᠦᠢᠯᠡᠳᠦᠯ ᠦᠨ ᠠᠳᠠᠯᠢ ᠪᠤᠰᠤ ᠳᠤ ᠦᠨᠳᠦᠰᠦᠯᠡᠵᠦ᠂ ᠵᠠᠭᠤᠴᠢ ᠪᠠ ᠵᠠᠭᠤᠴᠢᠯᠠᠭᠤᠷ ᠨᠢ ᠬᠡᠷᠪᠡ ᠬᠡᠪᠯᠡᠯ ᠮᠡᠳᠡᠭᠡᠯᠡᠯ ᠦᠨ ᠦᠢᠯᠡᠰ ᠢᠶᠡᠷ ᠲᠤᠬᠠᠢ᠌ᠯᠠᠭᠰᠠᠨ ᠠᠵᠢᠯ ᠢᠶᠠᠨ ᠪᠤᠯᠭᠠᠭᠰᠠᠨ ᠪᠠᠢ᠌ᠭᠤᠯᠤᠮᠵᠢ ᠶᠢ ᠵᠢᠭᠠᠭᠰᠠᠨ ᠪᠠᠢ᠌ᠪᠠᠯ ᠵᠠᠭᠤᠴᠢ ᠭᠡᠵᠦ᠂ ᠲᠤᠬᠢᠶ᠎ᠠ ᠲᠡᠮᠳᠡᠭᠴᠢᠯᠡᠭᠰᠡᠨ ᠰᠤᠷᠠᠭ ᠵᠠᠩᠭᠢ ᠶᠢᠨ ᠠᠴᠢᠶᠠᠯᠠᠭᠴᠢ ᠪᠤᠯᠤᠭᠰᠠᠨ ᠪᠠᠭᠠᠵᠢ ᠬᠡᠷᠡᠭᠰᠡᠯ ᠢ ᠵᠢᠭᠠᠭᠰᠠᠨ ᠪᠠᠢ᠌ᠪᠠᠯ ᠵᠠᠭᠤᠴᠢᠯᠠᠭᠤᠷ ᠭᠡᠳ᠂ ᠣᠯᠠᠨ ᠨᠡᠢ᠌ᠲᠡ ᠶᠢᠨ ᠵᠠᠭᠤᠴᠢᠯᠠᠭᠤᠷ ᠢᠶᠠᠷ ᠲᠠᠪᠴᠠᠩ ᠪᠤᠯᠭᠠᠭᠰᠠᠨ ᠨᠡᠪᠲᠡᠷᠡᠯᠴᠡᠯ ᠦᠨ ᠦᠢᠯᠡ ᠠᠵᠢᠯᠯᠠᠭ᠎ᠠ ᠶᠢ ᠵᠢᠭᠠᠭᠰᠠᠨ ᠪᠠᠢ᠌ᠪᠠᠯ ᠬᠡᠪᠯᠡᠯ ᠮᠡᠳᠡᠭᠡᠯᠡᠯ ᠭᠡᠵᠦ ᠢᠯᠭᠠᠨ ᠨᠡᠷᠡᠯᠡᠪᠡᠯ ᠬᠦᠮᠦᠨ ᠢᠶᠡᠷ ᠪᠦᠷᠢᠯᠳᠦᠭᠰᠡᠨ ᠪᠠᠢ᠌ᠭᠤᠯᠭ᠎ᠠ ᠶᠢᠨ ᠬᠠᠮᠲᠤᠷᠠᠯᠴᠠᠯ ᠪᠤᠯᠬᠤ 《ᠵᠠᠭᠤᠴᠢ ᠶᠢᠨ ᠪᠦᠯᠦᠭᠯᠡᠯ》᠋ ᠢᠶᠡᠨ 《ᠵᠠᠭᠤᠴᠢᠯᠠᠭᠤᠷ ᠤᠨ ᠪᠦᠯᠦᠭᠯᠡᠯ》ᠬᠡᠮᠡᠨ ᠬᠦᠮᠦᠨ ᠢᠶᠡᠨ ᠪᠠᠭᠠᠵᠢ ᠪᠤᠯᠭᠠᠬᠤ ᠠᠴᠠ ᠵᠠᠢ᠌ᠯᠠᠰᠬᠢᠵᠤ ᠴᠢᠳᠠᠬᠤ ᠪᠦᠭᠡᠳ ᠪᠠᠰᠠ ᠣᠯᠠᠨ ᠨᠡᠢ᠌ᠲᠡ ᠶᠢᠨ ᠨᠡᠪᠲᠡᠷᠡᠯᠴᠡᠯ ᠦᠨ ᠠᠵᠢᠯᠯᠠᠭ᠎ᠠ ᠪᠠᠷ ᠦᠢᠯᠡᠰ ᠢᠶᠡᠨ ᠪᠤᠯᠭᠠᠭᠰᠠᠨ 《ᠬᠡᠪᠯᠡᠯ ᠮᠡᠳᠡᠭᠡᠯᠡᠯ ᠦᠨ ᠦᠢᠯᠡᠰ》᠋ ᠢ 《ᠵᠠᠭᠤᠴᠢᠯᠠᠭᠤᠷ ᠤᠨ ᠦᠢᠯᠡᠰ》ᠭᠡᠵᠦ ᠬᠦᠮᠦᠨ ᠦ ᠦᠢᠯᠡᠰ ᠢᠶᠡᠨ ᠪᠠᠭᠠᠵᠢ ᠶᠢᠨ ᠦᠢᠯᠡᠰ ᠪᠤᠯᠭᠠᠨ ᠨᠡᠷᠡᠯᠡᠬᠦ ᠦᠭᠡᠢ ᠪᠤᠯᠤᠨ᠎ᠠ ᠭᠡᠳᠡᠭ ᠰᠠᠨᠠᠮᠵᠢ ᠪᠠᠨ ᠳᠡᠪᠰᠢᠭᠦᠯᠵᠡᠢ᠃ |
原文 |
查看原文
|
出自 |
中国蒙古学
2014年
第1期
|