论文信息


题名 ᠰᠢᠨ᠎ᠡ ᠵᠠᠭᠤᠨ ᠤ ᠮᠣᠩᠭᠤᠯ ᠳᠤᠮᠤᠭ ᠤᠨ ᠰᠤᠳᠤᠯᠭᠠᠨ ᠤ ᠶᠡᠷᠦᠩᠬᠡᠢ ᠲᠤᠭᠠᠴᠢᠯ
作者 ᠭᠧ‍ ᠨᠠᠮᠵᠢᠯ; ᠵᠠᠯᠭᠠᠬᠦᠦ
关键词 ᠰᠢᠨ᠎ᠡ ᠵᠠᠭᠤᠨ; ᠮᠣᠩᠭᠤᠯ ᠳᠤᠮᠤᠭ; ᠰᠤᠳᠤᠯᠭᠠᠨ; ᠶᠡᠷᠦᠩᠬᠡᠢ ᠲᠤᠭᠠᠴᠢᠯ
摘要 ᠰᠢᠨ᠎ᠡ ᠵᠠᠭᠤᠨ ᠤ ᠡᠬᠢᠯᠡᠯᠲᠡ ᠳᠦ᠂ ᠮᠣᠩᠭᠤᠯ ᠳᠤᠮᠤᠭ ᠤᠨ ᠰᠤᠳᠤᠯᠭᠠᠨ ᠨᠢ ᠰᠢᠨ᠎ᠡ ᠨᠢᠭᠡᠨ ᠬᠦᠭᠵᠢᠯᠲᠡ ᠶᠢᠨ ᠱᠠᠲᠤᠨ ᠳᠤ ᠠᠯᠬᠤᠨ ᠣᠷᠤᠵᠠᠢ᠃ ᠡᠨᠡ ᠬᠦ ᠬᠤᠭᠤᠴᠠᠭᠠᠨ ᠳᠤ ᠤᠯᠤᠰ ᠤᠨ ᠳᠤᠲᠤᠭᠠᠳᠤ ᠭᠠᠳᠠᠭᠠᠳᠤ ᠶᠢᠨ ᠡᠷᠳᠡᠮᠲᠡᠳ ᠡᠮᠦᠨᠡᠬᠢ ᠰᠤᠳᠤᠯᠭᠠᠨ ᠤ ᠰᠠᠭᠤᠷᠢᠨ ᠳᠡᠭᠡᠷ᠎ᠡ ᠳᠤᠮᠤᠭ ᠤᠨ ᠮᠠᠲ᠋ᠧᠷᠢᠶᠠᠯ ᠢ ᠦᠷᠭᠦᠯᠵᠢᠯᠡᠨ ᠡᠮᠬᠢᠳᠭᠡᠨ ᠴᠤᠭᠯᠠᠭᠤᠯᠬᠤ ᠶᠢᠨ ᠳᠠᠭᠠᠤ ᠮᠣᠩᠭᠤᠯ ᠳᠤᠮᠤᠭ ᠤᠨ ᠰᠤᠳᠤᠯᠭᠠᠨ ᠢ ᠤᠯᠠᠮ ᠨᠢᠭᠡ ᠠᠯᠬᠤᠮ ᠲᠦᠯᠬᠢᠨ ᠤᠷᠤᠭᠰᠢᠯᠠᠭᠤᠯᠤᠭᠰᠠᠨ ᠶᠤᠮ᠃ ᠡᠭᠦᠨ ᠳᠦ ᠳᠤᠮᠤᠭ ᠤᠨ ᠲᠤᠰᠬᠠᠢ ᠪᠦᠲᠦᠭᠡᠯ ᠮᠡᠨᠳᠦᠯᠡᠭᠰᠡᠨ ᠢᠶᠡᠷ ᠪᠠᠷᠠᠬᠤ ᠦᠭᠡᠢ᠂ ᠡᠷᠳᠡᠮ ᠰᠢᠨᠵᠢᠯᠡᠭᠡᠨ ᠦ ᠰᠤᠨᠢᠨ ᠰᠡᠳᠭᠦᠯ ᠦᠳ ᠲᠦ ᠴᠦᠬᠡᠨ ᠪᠤᠰᠤ ᠦᠭᠦᠯᠡᠯ ᠵᠤᠬᠢᠶᠠᠯ ᠨᠡᠢᠲᠡᠯᠡᠭᠳᠡᠭᠰᠡᠨ ᠪᠠᠢᠨ᠎ᠠ᠃ 10 ᠭᠠᠷᠤᠢ ᠵᠢᠯ ᠤᠨ ᠮᠣᠩᠭᠤᠯ ᠳᠤᠮᠤᠭ ᠤᠨ ᠰᠤᠳᠤᠯᠭᠠᠨ ᠤ ᠲᠡᠦᠬᠡ ᠶᠢ ᠡᠷᠭᠢᠴᠡᠭᠦᠯᠪᠡᠯ᠂ ᠡᠮᠬᠢᠳᠭᠡᠵᠦ ᠴᠤᠭᠯᠠᠭᠤᠯᠬᠤ ᠪᠤᠯᠤᠨ ᠡᠷᠳᠡᠮ ᠰᠢᠨᠵᠢᠯᠡᠭᠡᠨ ᠦ ᠰᠤᠳᠤᠯᠭᠠᠨ ᠵᠡᠷᠭᠡᠴᠡᠨ ᠣᠷᠤᠰᠢᠵᠤ᠂ ᠣᠨᠣᠯ ᠤᠨ ᠰᠤᠳᠤᠯᠭᠠᠨ᠂ ᠶᠡᠷᠦᠩᠬᠡᠶᠢᠯᠡᠭᠰᠡᠨ ᠰᠤᠳᠤᠯᠭᠠᠨ ᠵᠢᠴᠢ ᠬᠠᠷᠢᠴᠠᠭᠤᠯᠤᠭᠰᠠᠨ ᠰᠤᠳᠤᠯᠤᠯ ᠬᠠᠮᠲᠤ ᠪᠠᠷ ᠤᠷᠤᠭᠰᠢᠯᠠᠭᠰᠠᠨ ᠲᠡᠦᠬᠡ ᠭᠡᠵᠦ ᠦᠵᠡᠵᠦ ᠪᠤᠯᠤᠨ᠎ᠠ᠃ ᠦᠩᠭᠡᠷᠡᠭᠰᠡᠨ ᠢ ᠡᠷᠭᠢᠴᠡᠭᠦᠯᠵᠦ᠂ ᠢᠷᠡᠭᠡᠳᠦᠢ ᠪᠡᠨ ᠪᠠᠷᠠᠯᠠᠬᠤ ᠳᠤ᠂ ᠮᠣᠩᠭᠤᠯ ᠳᠤᠮᠤᠭ ᠤᠨ ᠰᠤᠳᠤᠯᠭᠠᠨ ᠤ ᠡᠭᠦᠷᠭᠡ ᠬᠦᠨᠳᠦ ᠵᠠᠮ ᠬᠤᠯᠠ ᠪᠢᠯᠡ᠃ ᠰᠢᠨ᠎ᠡ ᠮᠠᠲ᠋ᠧᠷᠢᠶᠠᠯ ᠤᠨ ᠲᠠᠰᠤᠷᠠᠯᠲᠠ ᠦᠭᠡᠢ ᠢᠯᠡᠷᠡᠭᠦᠯᠦᠯᠲᠡ ᠨᠢ ᠬᠠᠭᠤᠴᠢᠨ ᠮᠠᠲ᠋ᠧᠷᠢᠶᠠᠯ ᠢ ᠰᠢᠨ᠎ᠡ ᠪᠡᠷ ᠬᠢᠨᠠᠨ ᠰᠢᠨᠵᠢᠵᠦ ᠵᠦᠢ ᠵᠤᠬᠢᠰ ᠦᠭᠡᠢ ᠵᠤᠢᠯ ᠢ ᠨᠢ ᠢᠯᠭᠠᠨ ᠵᠠᠳᠠᠯᠬᠤ ᠶᠢ ᠱᠠᠭᠠᠷᠳᠠᠵᠤ᠂ ᠣᠨᠣᠯ ᠢᠶᠠᠷ ᠲᠤᠯᠢ ᠪᠤᠯᠭᠠᠬᠤ᠂ ᠰᠤᠳᠤᠯᠭᠠᠨ ᠤ ᠠᠷᠭ᠎ᠠ ᠮᠠᠶᠢᠭ ᠤᠨ ᠰᠢᠨᠡᠴᠢᠯᠡᠯᠲᠡ᠂ ᠰᠤᠳᠤᠯᠭᠠᠨ ᠤ ᠬᠦᠷᠢᠶ ᠡ ᠴᠠᠷᠠᠭ᠎ᠠ ᠶᠢᠨ ᠳᠠᠯᠠᠯᠲᠠ᠂ ᠣᠯᠠᠨ ᠰᠢᠨᠵᠢᠯᠡᠭᠡᠨ ᠦ ᠰᠠᠯᠠᠭ᠎ᠠ᠂ ᠳᠡᠰ ᠳᠠᠪᠬᠤᠷᠭ᠎ᠠ ᠶᠢ ᠰᠤᠯᠪᠢᠴᠠᠭᠤᠯᠤᠨ ᠰᠤᠳᠤᠯᠬᠤ ᠪᠤᠯᠤᠨ ᠶᠡᠷᠦᠩᠬᠡᠶᠢᠯᠡᠭᠰᠡᠨ ᠰᠤᠳᠤᠯᠭᠠᠨ ᠢ ᠴᠢᠨᠭᠠᠳᠬᠠᠬᠤ ᠴᠢᠬᠤᠯᠠᠲᠠᠢ ᠪᠠᠢᠨ᠎ᠠ᠃
原文 没有原文
出自 内蒙古民族大学学报(社会科学) 2015年 第3期

联系我们


内蒙古大学图书馆
呼和浩特市大学西路235号
中国·内蒙古
P: (0471) 4992561
E: huangfeilong@imu.edu.cn