论文信息


题名 ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠦᠨ ᠬᠦᠭᠵᠢᠯᠲᠡ ᠶᠢᠨ ᠲᠤᠬᠠᠢ ᠪᠤᠳᠤᠯᠬᠢᠯᠠᠯ
作者 ᠴᠢᠩ ᠯᠦᠩ
关键词 ᠨᠠᠢᠷᠠᠭᠤᠯᠤᠨ ᠬᠡᠪᠯᠡᠭᠦᠯᠬᠦ ᠤᠬᠠᠭᠠᠨ; ᠰᠤᠷᠭᠠᠨ ᠬᠦᠮᠦᠵᠢᠯ; ᠬᠦᠭᠵᠢᠭᠦᠯᠬᠦ ᠠᠷᠭ᠎ᠠ ᠪᠤᠳᠤᠯᠭ᠎ᠠ
摘要 ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠪᠤᠯ 20 ᠳᠤᠭᠠᠷ ᠵᠠᠭᠤᠨ ᠤ ᠨᠠᠶᠠᠭᠠᠳ ᠣᠨ ᠤ ᠦᠶ᠎ᠡ ᠪᠡᠷ ᠪᠤᠢ ᠪᠤᠯᠵᠤ ᠬᠦᠭᠵᠢᠭᠰᠡᠨ ᠰᠢᠨᠵᠢᠯᠡᠭᠡᠨ ᠦ ᠰᠠᠯᠠᠭ᠎ᠠ ᠪᠤᠯᠤᠨ᠎ᠠ᠃ ᠲᠤᠰ ᠰᠢᠨᠵᠢᠯᠡᠭᠡᠨ ᠦ ᠰᠠᠯᠠᠭ᠎ᠠ ᠶᠢᠨ ᠰᠢᠰᠲ᠋ᠧᠮ ᠢ ᠬᠡᠷᠬᠢᠨ ᠣᠳᠤᠬᠠᠨ ᠤ ᠨᠡᠢᠭᠡᠮ ᠦᠨ ᠬᠡᠷᠡᠭᠴᠡᠭᠡ ᠳᠦ ᠵᠤᠬᠢᠴᠠᠭᠤᠯᠤᠨ ᠬᠦᠭᠵᠢᠭᠦᠯᠬᠦ ᠳᠦ ᠳᠤᠤᠷᠠᠬᠢ ᠬᠡᠳᠦᠨ ᠲᠠᠯ᠎ᠠ ᠪᠠᠷ ᠭᠦᠢᠴᠡᠳᠭᠡᠪᠡᠰᠦ ᠵᠤᠬᠢᠨ᠎ᠠ᠃ ᠨᠢᠭᠡ ᠳᠦ᠂ ᠮᠠᠨ ᠤ ᠤᠯᠤᠰ ᠤᠨ ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠦᠨ 20 ᠵᠢᠯ ᠦᠨ ᠲᠤᠷᠰᠢᠬᠢ ᠬᠦᠭᠵᠢᠯ ᠦᠨ ᠶᠠᠪᠤᠴᠠ ᠶᠢ ᠬᠤᠷᠢᠶᠠᠩᠭᠤᠢ ᠣᠢᠯᠠᠭᠠᠬᠤ ᠪᠠᠷ ᠳᠠᠮᠵᠢᠵᠤ ᠨᠠᠢᠷᠠᠭᠤᠯᠤᠨ ᠬᠡᠪᠯᠡᠭᠦᠯᠬᠦ ᠤᠬᠠᠭᠠᠨ ᠢ ᠬᠤᠢᠰᠢᠲᠠ ᠬᠡᠷᠬᠢᠨ ᠬᠦᠭᠵᠢᠭᠦᠯᠬᠦ ᠬᠠᠨᠳᠤᠰᠢ ᠪᠠᠢᠳᠠᠯ ᠢ ᠡᠵᠡᠮᠰᠢᠬᠦ᠃ ᠬᠤᠶᠠᠷ ᠲᠤ᠂ ᠣᠳᠤᠬᠠᠨ ᠤ ᠨᠤᠮ ᠪᠢᠴᠢᠭ ᠦᠨ ᠠᠭᠤᠯᠭ᠎ᠠ ᠶᠢᠨ ᠣᠯᠠᠨ ᠶᠠᠩᠵᠤᠵᠢᠭᠤᠯᠤᠯᠲᠠ᠂ ᠬᠡᠪᠯᠡᠯ ᠦᠨ ᠠᠵᠤ ᠦᠢᠯᠡᠳᠪᠦᠷᠢ ᠶᠢᠨ ᠦᠳᠳᠡᠷ ᠲᠦᠷᠭᠡᠨ ᠬᠦᠭᠵᠢᠯᠲᠡ ᠨᠢ ᠨᠠᠢᠷᠠᠭᠤᠯᠤᠨ ᠬᠡᠪᠯᠡᠭᠦᠯᠬᠦ ᠤᠬᠠᠭᠠᠨ ᠤ ᠰᠤᠷᠭᠠᠨ ᠬᠦᠮᠦᠵᠢᠯ ᠳᠦ ᠨᠡᠢᠯᠡᠭ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠰᠢᠨ᠎ᠡ ᠱᠠᠭᠠᠷᠳᠠᠯᠭ᠎ᠠ ᠲᠤᠯᠭᠠᠷᠠᠵᠤ ᠪᠠᠢᠬᠤ᠃ ᠭᠤᠷᠪᠠ ᠳᠤ᠂ ᠨᠠᠢᠷᠠᠭᠤᠯᠤᠨ ᠬᠡᠪᠯᠡᠭᠦᠯᠬᠦ ᠤᠬᠠᠭᠠᠨ ᠤ ᠣᠨᠣᠯ ᠤᠨ ᠪᠦᠲᠦᠬᠡᠨ ᠪᠠᠢᠭᠤᠯᠤᠯᠲᠠ ᠶᠢ ᠰᠠᠢᠲᠤᠷ ᠬᠢᠬᠦ ᠶᠢᠨ ᠬᠠᠮᠲᠤ ᠨᠡᠩ ᠴᠢᠬᠤᠯᠠ ᠨᠢ ᠲᠤᠰᠬᠠᠢ ᠮᠡᠷᠭᠡᠵᠢᠯ ᠦᠨ ᠦᠢᠯᠡᠳᠦᠯᠭᠡ ᠶᠢ ᠴᠢᠩᠭᠠᠳᠬᠠᠵᠤ᠂ ᠣᠳᠤᠬᠠᠨ ᠤ ᠬᠡᠪᠯᠡᠯ ᠦᠨ ᠠᠵᠤ ᠦᠢᠯᠡᠳᠪᠦᠷᠢ ᠶᠢᠨ ᠬᠦᠭᠵᠢᠯᠲᠡ ᠶᠢᠨ ᠬᠡᠷᠡᠭᠴᠡᠭᠡ ᠳᠦ ᠲᠤᠬᠢᠷᠠᠬᠤ ᠨᠡᠢᠯᠡᠭ ᠬᠡᠯᠪᠡᠷᠢ ᠶᠢᠨ ᠴᠢᠳᠠᠪᠤᠲᠠᠨ ᠢ ᠬᠦᠮᠦᠵᠢᠭᠦᠯᠬᠦ᠃ ᠳᠦᠷᠪᠡ ᠳᠦ᠂ ᠨᠠᠢᠷᠠᠭᠤᠯᠤᠨ ᠬᠡᠪᠯᠡᠭᠦᠯᠬᠦ ᠰᠢᠨᠵᠢᠯᠡᠭᠡᠨ ᠦ ᠰᠠᠯᠠᠭ᠎ᠠ ᠶᠢᠨ ᠰᠢᠰᠲ᠋ᠧᠮ ᠢ ᠳᠦᠷᠢᠮᠵᠢᠭᠦᠯᠬᠦ ᠪᠡ ᠬᠡᠷᠬᠢᠨ ᠰᠠᠢᠲᠤᠷ ᠪᠦᠲᠦᠬᠡᠨ ᠪᠠᠢᠭᠤᠯᠵᠤ ᠬᠦᠭᠵᠢᠭᠦᠯᠬᠦ᠃
原文 没有原文
出自 内蒙古民族大学学报(社会科学) 2003年 第4期

联系我们


内蒙古大学图书馆
呼和浩特市大学西路235号
中国·内蒙古
P: (0471) 4992561
E: huangfeilong@imu.edu.cn