摘要 |
ᠰᠠᠢᠴᠤᠩᠭᠠ ᠭᠡᠳᠡᠭ ᠪᠣᠯ ᠠᠯᠳᠠᠷᠲᠦ ᠢᠷᠠᠭᠤ ᠨᠠᠢᠷᠠᠭᠴᠢ ᠨᠠ•ᠰᠠᠢᠨᠴᠣᠭᠲᠤ ᠶᠢᠨ ᠴᠢᠯᠦᠭᠡᠯᠡᠭᠳᠡᠬᠦ ᠡᠴᠡ ᠡᠨᠦᠨᠡᠬᠢ ᠨᠡᠷ ᠡ ᠪᠢᠯᠡ᠃ ᠲᠡᠷᠡ ᠨᠠᠰᠤᠨ ᠲᠤᠷᠰᠢᠲᠠ ᠮᠣᠩᠭᠤᠯ ᠦᠨᠳᠦᠰᠦᠲᠡᠨ ᠤ ᠰᠣᠶᠣᠤᠯ ᠪᠣᠯᠪᠠᠰᠤᠷᠠᠯ ᠤᠨ ᠦᠢᠯᠡᠰ ᠲᠦ ᠵᠢᠳᠬᠦᠵᠦ ᠶᠠᠪᠤᠭᠰᠠᠨ ᠲᠡᠳᠦᠢ ᠦᠭᠡᠢ ᠪᠠᠰᠠ ᠲᠤᠰ ᠵᠠᠭᠤᠨ ᠤ ᠭᠤᠴᠢ ᠲᠦᠴᠢᠭᠡᠳ ᠤᠨ ᠤ ᠦᠶ ᠠ ᠶᠠᠫᠤᠨ ᠤ ᠲᠤᠤᠺᠢᠤ᠋ ᠶᠢᠨ ᠲᠤᠷᠤᠨᠠᠲᠤ ᠠᠽᠢᠶ ᠠ ᠶᠢᠨ ᠶᠡᠬᠡ ᠰᠤᠷᠭᠠᠭᠤᠯᠢ ᠳ᠋ᠦ ᠰᠤᠷᠭᠠᠨ ᠬᠦᠮᠦᠵᠢᠯ ᠤᠨ ᠬᠠᠮᠢᠶ ᠠ ᠪᠦᠬᠦᠢ ᠡᠷᠲᠡᠮ ᠰᠢᠨᠵᠢᠯᠡᠭᠡᠨ ᠢ ᠰᠤᠷᠤᠯᠴᠠᠵᠤ ᠶᠠᠪᠤᠭᠰᠠᠨ ᠢᠢᠡᠷ ᠣᠷᠴᠢᠨ ᠦᠶ ᠠ ᠶᠢᠨ ᠶᠠᠫᠤᠨ ᠤ ᠰᠤᠷᠭᠠᠨ ᠬᠦᠮᠦᠵᠢᠯ ᠤᠨ ᠦᠵᠡᠯ ᠰᠠᠨᠠᠭ᠎ᠠ ᠳ᠋ᠤ ᠶᠡᠬᠡᠬᠡᠨ ᠨᠦᠯᠦᠭᠡᠯᠡᠭᠳᠡᠵᠦ᠂ ᠰᠣᠶᠤᠯ ᠰᠤᠷᠭᠠᠨᠬᠦᠮᠦᠵᠢᠯ ᠢᠢᠡᠷ ᠤᠯᠤᠰ ᠦᠨᠳᠦᠰᠦᠲᠡᠨ ᠢᠢᠡᠨ ᠮᠠᠨᠳᠤᠭᠤᠯᠬᠤ ᠵᠠᠮ ᠢ ᠪᠠᠷᠢᠮᠲᠠᠯᠠᠵᠤ ᠪᠠᠢᠵᠠᠢ᠃ ᠡᠨᠡ ᠨᠢ ᠲᠡᠭᠦᠨ ᠤ ᠵᠣᠬᠢᠶᠠᠯ ᠨᠦᠲᠦᠭᠡᠯ ᠤᠨ ᠲᠤᠳᠤᠷ ᠠ ᠠᠯᠢ ᠤᠯᠠᠨ ᠭᠠᠵᠠᠷ ᠢᠯᠡᠷᠡᠵᠦ ᠪᠠᠢᠭ᠎ᠠ ᠪᠣᠯᠬᠤᠷ ᠮᠣᠩᠭᠤᠯ ᠰᠣᠳᠣᠯᠣᠯ ᠤᠨ ᠠᠩᠬᠠᠷᠤᠯ ᠢ ᠲᠠᠳᠠᠪᠠᠯ ᠵᠣᠬᠢᠰᠲᠠᠢ ᠶᠣᠮ᠃ |