题名 |
ᠴᠢᠩ ᠤᠯᠤᠰ ᠠᠴᠠ ᠬᠠᠯᠬ᠎ᠠ ᠮᠣᠩᠭᠤᠯ ᠳᠤ ᠲᠡᠳᠭᠦᠮᠵᠢ ᠦᠵᠡᠭᠦᠯᠦᠭᠰᠡᠨ ᠰᠢᠯᠲᠠᠭᠠᠨ |
作者 |
ᠰᠢᠶᠠᠩ ᠯᠢᠶᠠᠨ |
关键词 |
ᠴᠢᠩ ᠲᠦᠷᠦ; ᠬᠠᠯᠬ᠎ᠠ ᠮᠣᠩ᠋ᠭᠤᠯ; ᠲᠡᠳᠭᠦᠮᠵᠢ |
摘要 |
ᠴᠢᠩ ᠲᠦᠷᠦ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ ᠤᠯᠤᠰ ᠲᠦᠷᠦ ᠪᠡᠨ ᠬᠦᠴᠦᠷᠬᠡᠭ᠍᠍ᠵᠢᠭᠦᠯᠬᠦ ᠶᠢᠨ ᠲᠦᠯᠦᠭᠡ ᠬᠠᠯᠬ᠎ᠠ ᠮᠣᠩ᠋ᠭᠤᠯ ᠲᠠᠢ ᠬᠠᠷᠢᠴᠠᠭ᠎ᠠ ᠬᠤᠯᠪᠤᠭ᠎ᠠ ᠪᠠᠢ᠌ᠭᠤᠯᠬᠤ᠂ ᠤᠷᠤᠭ ᠤᠨ ᠬᠠᠷᠢᠴᠠᠭ᠎ᠠ ᠠᠢ᠌ᠭᠤᠯᠬᠤ᠂ ᠨᠤᠶᠠᠨ ᠵᠡᠷᠭᠡ ᠡᠷᠭᠦᠮᠵᠢᠯᠡᠬᠦ ᠵᠡᠷᠭᠡ ᠠᠯᠢ ᠣᠯᠠᠨ ᠤᠯᠤᠰ ᠲᠦᠷᠦ ᠶᠢᠨ ᠠᠷᠭ᠎ᠠ ᠠᠪᠴᠠᠯ ᠢ ᠬᠡᠷᠡᠭᠵᠢᠭᠦᠯᠵᠦ ᠪᠠᠢ᠌ᠵᠠᠢ᠃ ᠡᠭᠦᠨ ᠳᠦ ᠪᠠᠰᠠ ᠨᠢᠭᠡᠨ ᠴᠢᠬᠤᠯᠠ ᠪᠤᠯᠬᠤ ᠲᠦᠷᠦ ᠶᠢᠨ ᠪᠤᠳᠤᠯᠭ᠎ᠠ ᠭᠡᠪᠡᠯ ᠡᠳ᠋ ᠪᠤᠳᠠᠰ ᠤᠨ ᠲᠡᠳᠭᠦᠮᠵᠢ ᠦᠵᠡᠭᠦᠯᠦᠭᠰᠡᠨ ᠶᠠᠪᠤᠳᠠᠯ ᠪᠤᠯᠤᠨ᠎ᠠ᠃ ᠲᠤᠰ ᠦᠭᠦᠯᠡᠯ ᠳᠦ ᠭᠤᠤᠯᠳᠠᠭᠤ ᠮᠠᠨᠵᠤ ᠮᠣᠩ᠋ᠭᠤᠯ ᠤᠨ ᠳᠠᠩᠰᠠ ᠡᠪᠬᠡᠮᠡᠯ ᠢ ᠠᠰᠢᠭᠯᠠᠵᠤ᠂ ᠴᠢᠩ ᠤᠯᠤᠰ ᠪᠠ ᠬᠠᠯᠬ᠎ᠠ ᠶᠢᠨ ᠬᠠᠳ ᠨᠤᠶᠠᠳ ᠤᠨ ᠬᠤᠭᠤᠷᠤᠨᠳᠤ ᠨᠡᠪᠲᠡᠷᠡᠯᠴᠡᠭᠰᠡᠨ ᠠᠢ᠌ᠯᠠᠳᠬᠠᠯ ᠪᠢᠴᠢᠭ᠌ ᠪᠡ ᠵᠠᠷᠯᠢᠭ ᠵᠠᠬᠢᠶ᠎ᠠ ᠶᠢ ᠦᠨᠦᠰᠦᠯᠡᠨ᠂ ᠬᠠᠯᠬ᠎ᠠ ᠮᠣᠩ᠋ᠭᠤᠯ ᠪᠠᠢ᠌ᠭᠠᠯᠢ ᠶᠢᠨ ᠭᠠᠮᠰᠢᠭ᠂ ᠳᠠᠢ᠌ᠨ ᠤ ᠭᠠᠮᠰᠢᠭ ᠲᠤ ᠳᠠᠭᠠᠷᠢᠭᠳᠠᠨ ᠣᠷᠤᠰᠢᠨ ᠲᠤᠭᠲᠠᠨᠢᠬᠤ ᠦᠨᠳᠦᠰᠦᠨ ᠨᠦᠬᠦᠴᠡᠯ ᠢᠶᠡᠨ ᠬᠠᠩ᠋ᠭᠠᠵᠤ ᠲᠡᠢ᠌ᠯᠬᠦ ᠦᠭᠡᠢ ᠬᠦᠴᠢᠷᠳᠡᠯᠲᠦ ᠪᠠᠢ᠌ᠳᠠᠯ ᠳᠤ ᠴᠢᠩ ᠲᠦᠷᠦ ᠡᠴᠡ ᠬᠠᠮᠤᠭ ᠶᠡᠬᠡ ᠬᠡᠪᠡᠴᠢᠶᠡᠨ ᠦ ᠡᠳ᠋ ᠪᠤᠳᠠᠰ ᠤᠨ ᠲᠡᠳᠭᠦᠮᠵᠢ ᠦᠵᠡᠭᠦᠯᠦᠭᠰᠡᠨ ᠦ ᠰᠢᠯᠲᠠᠭᠠᠨ ᠢ ᠡᠷᠢᠨ ᠰᠦᠪᠡᠭ᠍ᠴᠢᠯᠡᠭᠰᠡᠨ ᠪᠠᠢ᠌ᠨ᠎ᠠ᠃ |
原文 |
查看原文
|
出自 |
内蒙古民族大学学报(社会科学)
2010年
第1期
|