题名 |
ᠮᠣᠩᠭᠤᠯ ᠤᠯᠤᠰ ᠤᠨ ᠭᠠᠷ ᠪᠢᠴᠢᠮᠡᠯ《ᠰᠠᠷᠠᠨ ᠤ ᠭᠡᠷᠡᠯ》 ᠲᠣᠬᠢᠶᠠᠨ ᠤ ᠪᠢᠴᠢᠭ ᠤᠨ ᠲᠣᠬᠠᠢ |
作者 |
ᠬᠠᠰᠴᠢᠯᠠᠭᠤ; ᠦᠯᠵᠡᠢ |
关键词 |
ᠬᠠᠰᠴᠢᠯᠠᠭᠤ᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠮᠣᠩᠭᠤᠯ ᠬᠡᠯᠡ ᠤᠳᠬ ᠠ ᠵᠣᠬᠢᠶᠠᠯ ᠤᠨ ᠰᠠᠯᠪᠤᠷᠢ ᠶᠢᠨ 2010ᠣᠨ ᠤ ᠳ᠋ᠤᠺᠲ᠋ᠤᠷᠠᠨᠲ; ᠦᠯᠵᠡᠢ᠂ ᠲᠦᠪ ᠤᠨ ᠦᠨᠳᠦᠰᠦᠲᠡ ᠤ ᠶᠡᠬᠡ ᠰᠤᠷᠭᠠᠭᠤᠯᠢ ᠶᠢᠨ ᠮᠣᠩᠭᠤᠯ ᠬᠡᠯᠡ ᠤᠳᠬ ᠠ ᠵᠣᠬᠢᠶᠠᠯ ᠤᠨ ᠰᠠᠯᠪᠤᠷᠢ ᠶᠢᠨ ᠫᠷᠣᠹᠸᠰᠰᠤᠷ᠃ |
摘要 |
《ᠨᠡᠷ ᠣ ᠤᠳᠬ ᠠ ᠵᠢ ᠲᠤᠳᠤᠳᠬᠠᠭᠴᠢ ᠰᠠᠷᠠᠨ ᠤ ᠭᠡᠷᠡᠯ ᠬᠡᠮᠡᠭᠳᠡᠬᠦ ᠲᠣᠬᠢᠶᠠᠨ ᠤ ᠪᠢᠴᠢᠭ ᠤᠷᠤᠰᠢᠪᠠᠢ》 ᠪᠣᠯ ᠮᠣᠩᠭᠤᠯ ᠦᠨᠳᠦᠰᠦᠲᠡᠨ ᠤ ᠨᠡᠷᠡᠲᠦ ᠬᠡᠯᠡ ᠰᠢᠨᠵᠢᠯᠡᠯᠲᠡ᠂ ᠰᠢᠯᠦᠭᠴᠢ᠂ ᠵᠣᠬᠢᠶᠠᠯᠴᠢ᠂ ᠬᠦᠨ ᠤᠬᠠᠭᠠᠨᠲᠠᠨ ᠠᠭᠸᠠᠩᠳᠠᠨᠳᠠᠷ(17581840) ᠪᠡᠷ ᠲᠡᠬᠦᠨ ᠤ ᠨᠠᠶᠠᠨ ᠨᠠᠰᠤᠨ ᠤ ᠪᠠᠶᠠᠷ ᠲᠡᠭᠡᠷ ᠡ ᠨᠠᠢᠷᠠᠭᠤᠯᠤᠨ ᠪᠢᠴᠢᠭᠰᠡᠨ ᠲᠦᠪᠡᠳ ᠮᠣᠩᠭᠤᠯ ᠬᠠᠪᠰᠤᠷᠭᠠᠭᠰᠠᠨ ᠲᠤᠯᠢ ᠪᠢᠴᠢᠭ ᠪᠣᠯᠤᠨ᠎ᠠ᠃ ᠲᠤᠰ ᠦᠭᠦᠯᠡᠯ ᠳ᠋ᠤ《ᠰᠠᠨᠷᠠᠨ ᠤ ᠭᠡᠷᠡᠯ》 ᠤᠨ ᠮᠣᠩᠭᠤᠯ ᠤᠯᠤᠰ ᠤᠨ ᠭᠠᠷ ᠪᠢᠴᠢᠮᠡᠯ ᠡᠬᠡ ᠶᠢᠨ ᠬᠡᠪᠯᠡᠯ ᠢ ᠦᠪᠦᠷ ᠮᠣᠩᠭᠤᠯ ᠤᠨ ᠶᠡᠬᠡ ᠰᠤᠷᠭᠠᠭᠤᠯᠢ ᠶᠢᠨ ᠬᠠᠳᠠᠭᠠᠯᠠᠮᠵᠢ ᠰᠣᠳᠤᠷ ᠪᠠ ᠦᠨᠳᠦᠰᠦᠲᠡᠨ ᠤ ᠬᠡᠪᠯᠡᠯ ᠤᠨ ᠬᠤᠷᠢᠶ ᠠ ᠡᠴᠡ ᠨᠠᠢᠷᠠᠯᠲᠦ ᠰᠦᠮ ᠠ ᠶᠢᠨ ᠬᠠᠳᠠᠭᠠᠯᠠᠮᠵᠢ ᠪᠡᠷ ᠡᠬᠡ ᠪᠣᠯᠭᠠᠨ ᠬᠡᠪᠯᠡᠬᠦᠯᠦᠭᠰᠡᠨ ᠲᠡᠪᠲᠡᠷ ᠲᠠᠢ ᠬᠠᠷᠢᠴᠠᠭᠤᠯᠬᠤ ᠪᠡᠷ ᠲᠠᠮᠵᠢᠭᠤᠯᠤᠨ᠂ ᠲᠡᠭᠦᠨ ᠤ ᠣᠨᠴᠠᠯᠢᠭ ᠢ ᠨᠢ ᠲᠤᠳᠤᠷᠠᠭᠤᠯᠵᠤ᠂ ᠵᠠᠷᠢᠮ ᠠᠯᠳᠠᠭ᠎ᠠ ᠮᠠᠳᠠᠭ ᠨᠢ ᠠᠷᠢᠭᠤᠳᠬᠠᠬᠤ ᠶᠢᠨ ᠬᠠᠮᠲᠤ ᠤᠯᠪᠠᠭ᠎ᠠ ᠭᠠᠷᠤᠯ ᠤᠨ ᠬᠢᠨᠢ ᠲᠣᠬᠠᠢ ᠠᠩᠬᠠᠨ ᠤ ᠰᠢᠨᠵᠢᠯᠡᠭᠡ ᠬᠢᠭᠰᠡᠨ ᠢ ᠪᠠᠢᠨ᠎ᠠ᠃ |
原文 |
查看原文
|
出自 |
赤峰学院学报(蒙文哲学社会科学版)
2014年
第5期
|