论文信息


题名 ᠳᠡᠭᠡᠲᠦ ᠰᠤᠷᠭᠠᠭᠤᠯᠢ ᠵᠢᠨ ᠡᠷᠳᠡᠮ ᠰᠢᠨᠵᠢᠯᠡᠭᠡᠨ ᠤ ᠰᠡᠳᠭᠦᠯ ᠤᠨ ᠡᠩᠨᠡᠭᠡ ᠵᠢᠨ ᠴᠣᠭᠴᠠᠯᠠᠯᠲᠠ
作者 ᠮ‍·ᠲᠣᠭᠲᠠᠬᠤ
关键词 ᠡᠷᠳᠡᠮ ᠰᠢᠨᠵᠢᠯᠡᠭᠡᠨ ᠤ ᠰᠡᠳᠭᠦᠯ; ᠵᠣᠬᠢᠶᠠᠭᠴᠢ ᠵᠢᠨ ᠡᠩᠨᠡᠭᠡ; ᠡᠬᠡ ᠪᠢᠴᠢᠭ᠌ ᠬᠢᠨᠠᠬᠤ ᠡᠩᠨᠡᠭᠡ; ᠣᠩᠰᠢᠭᠴᠢ ᠵᠢᠨ ᠡᠩᠨᠡᠭᠡ; ᠨᠠᠶᠢᠷᠠᠭᠤᠯᠤᠭᠴᠢ ᠵᠢᠨ ᠡᠩᠨᠡᠭᠡ
摘要 ᠳᠡᠭᠡᠲᠦ ᠰᠤᠷᠭᠠᠭᠤᠯᠢ ᠵᠢᠨ ᠡᠷᠳᠡᠮ ᠰᠢᠨᠵᠢᠯᠡᠭᠡᠨ ᠤ ᠰᠡᠳᠭᠦᠯ ᠢ ᠰᠠᠶᠢᠲᠤᠷ ᠡᠷᠬᠢᠯᠡᠬᠦ ᠳᠤ ᠡᠷᠬᠡᠪᠰᠢ ᠬᠡᠪ ᠴᠢᠨᠠᠷ ᠵᠢᠡᠷ ᠦᠨᠳᠦᠰᠷ ᠡᠷᠳᠡᠮ ᠰᠢᠨᠵᠢᠯᠡᠭᠡᠨ ᠤ ᠰᠡᠳᠭᠦᠯ ᠤᠨ ᠡᠩᠨᠡᠭᠡ ᠵᠢ ᠪᠠᠶᠢᠭᠤᠯᠬᠤ ᠬᠡᠷᠡᠭᠲᠡᠢ᠃ ᠡᠷᠳᠡᠮ ᠰᠢᠨᠵᠢᠯᠡᠭᠡᠨ ᠤ ᠰᠡᠳᠭᠦᠯ ᠤᠨ ᠡᠩᠨᠡᠭᠡ ᠭᠡᠪᠡᠯ ᠭᠠᠭᠴᠠ ᠨᠠᠶᠢᠷᠠᠭᠤᠯᠤᠭᠴᠢ ᠵᠢᠨ ᠡᠩᠨᠡᠭᠡ ᠵᠢ ᠯᠡ ᠬᠡᠯᠡᠬᠦ ᠪᠢᠰᠢ᠂ ᠪᠠᠰᠠ ᠵᠣᠬᠢᠶᠠᠭᠴᠢ ᠵᠢᠨ ᠡᠩᠨᠡᠭᠡ᠂ ᠡᠬᠡ ᠪᠢᠴᠢᠭ᠌ ᠬᠢᠨᠠᠬᠤ ᠪᠣᠯᠤᠨ ᠣᠩᠰᠢᠭᠴᠢ ᠵᠢᠨ ᠡᠩᠨᠡᠭᠡ ᠵᠢ ᠬᠠᠮᠤᠷᠳᠠᠭ᠃ ᠡᠨᠡ ᠬᠦ ᠳᠦᠷᠪᠡᠨ ᠰᠠᠯᠠᠭ᠋ ᠠ ᠨᠢ ᠰᠡᠳᠭᠦᠯ ᠤᠨ ᠪᠦᠬᠦᠯᠢ ᠴᠣᠭᠴᠠ ᠵᠢᠨ ᠬᠦᠴᠦᠨ ᠮᠦᠨ᠃ ᠨᠢᠭᠡᠨ ᠪᠦᠯᠦᠭ ᠰᠤᠷᠤᠯᠭ᠋ ᠠ ᠮᠡᠳᠡᠯᠭᠡ ᠬᠣᠣᠰᠯᠠᠭᠰᠠᠨ ᠠᠮᠵᠢᠯᠲᠠ ᠪᠦᠲᠦᠭᠡᠯ ᠲᠠᠢ ᠵᠣᠬᠢᠶᠠᠭᠴᠢ ᠵᠢᠨ ᠡᠩᠨᠡᠭᠡ ᠵᠢ ᠬᠦᠮᠦᠵᠢᠭᠦᠯᠬᠦ ᠨᠢ᠂ ᠡᠷᠳᠡᠮ ᠰᠢᠨᠵᠢᠯᠡᠭᠡᠨ ᠤ ᠰᠡᠳᠭᠦᠯ ᠢ ᠦᠨᠳᠦᠷ ᠲᠦᠪᠰᠢᠨ ᠲᠠᠢ ᠡᠷᠬᠢᠯᠡᠬᠦ ᠵᠢᠨ ᠤᠷᠢᠳᠴᠢᠯᠠᠭᠰᠠᠨ ᠨᠦᠭᠦᠴᠡᠯ ᠪᠣᠯᠬᠤ; ᠨᠢᠭᠡᠨ ᠰᠠᠯᠠᠭ᠋ ᠠ ᠦᠵᠡᠯ ᠰᠠᠨᠠᠭ  ᠠ ᠦᠵᠡᠯ ᠰᠠᠨᠠᠭ᠋ ᠠ ᠰᠣᠶᠤᠯ ᠤᠨ ᠬᠡᠪ ᠴᠢᠨᠠᠷ ᠵᠢᠡᠷ ᠦᠨᠳᠦᠷ ᠡᠬᠡ ᠪᠢᠴᠢᠭ᠌ ᠬᠢᠨᠠᠬᠤ ᠡᠩᠨᠡᠭᠡ ᠵᠢ ᠪᠠᠶᠢᠭᠤᠯᠬᠤ ᠪᠣᠯ᠂ ᠡᠷᠳᠡᠮ ᠰᠢᠨᠵᠢᠯᠡᠭᠡᠨ ᠤ ᠰᠡᠳᠭᠦᠯ ᠤᠨ ᠴᠢᠨᠠᠷ ᠴᠢᠨᠰᠠᠭ᠋ ᠠ ᠵᠢ ᠳᠡᠭᠡᠭᠰᠢᠯᠡᠭᠦᠯᠬᠦ ᠵᠢᠨ ᠨᠠᠶᠢᠳᠠᠪᠤᠷᠢᠲᠠᠢ ᠪᠠᠲᠤᠯᠠᠭ᠋ ᠠ ᠪᠣᠯᠬᠤ; ᠨᠢᠭᠡᠨ ᠰᠠᠯᠠᠭ᠋ ᠠ ᠬᠤᠷᠴᠠ ᠰᠢᠯᠢᠳᠡᠭ ᠡᠷᠳᠡᠮ ᠰᠣᠶᠤᠯ ᠵᠢᠡᠷ ᠵᠡᠪᠰᠡᠭᠯᠡᠭᠰᠡᠨ ᠣᠩᠰᠢᠭᠴᠢ ᠵᠢᠨ ᠡᠩᠨᠡᠭᠡ ᠵᠢ ᠪᠣᠢ ᠪᠣᠯᠭᠠᠬᠤ ᠨᠢ᠂ ᠡᠷᠳᠡᠮ ᠰᠢᠨᠵᠢᠯᠡᠭᠡᠨ ᠤ ᠰᠡᠳᠭᠦᠯ ᠢ ᠰᠢᠨᠵᠢᠯᠡᠬᠦ ᠤᠬᠠᠭᠠᠨ ᠤ ᠠᠴᠢᠶᠠᠯᠠᠭᠴᠢ ᠪᠣᠯᠭᠠᠬᠤ ᠵᠢᠨ ᠬᠤᠰᠢᠭᠤᠴᠢ ᠬᠦᠴᠦᠨ ᠪᠣᠯᠬᠤ; ᠨᠢᠭᠡᠨ ᠰᠠᠯᠠᠭ᠋ ᠠ ᠲᠣᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠨᠠᠶᠢᠷᠠᠭᠤᠯᠤᠭᠴᠢ ᠵᠢᠨ ᠡᠩᠨᠡᠭᠡ ᠵᠢ ᠪᠣᠯᠪᠠᠰᠤᠷᠠᠭᠤᠯᠬᠤ ᠨᠢ᠂ ᠡᠷᠳᠡᠮ ᠰᠢᠨᠵᠢᠯᠡᠭᠡᠨ ᠤ ᠰᠡᠳᠭᠦᠯ ᠢ ᠴᠢᠨᠠᠷ ᠰᠠᠶᠢᠲᠠᠢ ᠡᠷᠬᠢᠯᠡᠬᠦ ᠵᠢᠨ ᠵᠠᠩᠭᠢᠯᠭ᠋ ᠠ ᠪᠣᠯᠤᠨ᠌ ᠠ᠃  
原文 查看原文
出自 内蒙古民族大学学报(社会科学) 2006年 第1期

联系我们


内蒙古大学图书馆
呼和浩特市大学西路235号
中国·内蒙古
P: (0471) 4992561
E: huangfeilong@imu.edu.cn