题名 |
ᠦᠪᠦᠷ ᠮᠣᠨᠭᠤᠯ ᠤᠨ ᠦᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠠᠯ ᠠ ᠳ᠋ᠤ ᠣᠷᠤᠰᠢᠵᠤ ᠪᠠᠢᠭ᠎ᠠ ᠠᠰᠠᠭᠤᠳᠠᠯ |
作者 |
ᠲᠤᠭᠲᠠᠬᠤ; ᠪᠣᠣ ᠯᠦᠩ |
关键词 |
ᠴᠦᠬᠡᠨ ᠲᠤᠭᠠᠲᠤ ᠦᠨᠳᠦᠰᠦᠲᠡᠨ;ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ; ᠵᠠᠬ ᠠ ᠲᠡᠯᠭᠡᠭᠦᠷ ᠤᠨ ᠠᠵᠤ ᠠᠬᠤᠢ; ᠬᠠᠮᠲᠤ ᠪᠡᠷ ᠣᠷᠤᠰᠢᠬᠤ |
摘要 |
ᠲᠤᠰ ᠦᠭᠦᠯᠡᠯ ᠳ᠋ᠤ᠂ ᠶᠠᠭᠤᠨ ᠤ ᠡᠮᠦᠨ᠎ᠠ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠤᠨ ᠬᠠᠮᠢᠶᠠᠳᠠᠳ ᠢ ᠡᠷᠢᠨ ᠰᠤᠷᠪᠤᠯᠵᠢᠯᠠᠵᠤ᠂ ᠤᠳᠤᠬᠠᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠠᠯ ᠠ ᠳ᠋ᠤ ᠪᠣᠳᠠᠳᠠᠢ ᠣᠷᠤᠰᠢᠵᠤ ᠪᠠᠢᠬᠤ ᠪᠣᠳᠠᠳᠠᠢ ᠠᠰᠠᠭᠤᠳᠠᠯ ᠤᠨ ᠲᠣᠬᠠᠢ ᠤᠢᠯᠠᠭᠠᠨ᠂ᠦᠨᠳᠦᠰᠦᠲᠡᠨ ᠤ ᠰᠤᠷᠭᠠᠭᠤᠯᠢ ᠳ᠋ᠤ ᠬᠡᠷᠡᠭᠵᠢᠬᠦᠯᠵᠦ ᠪᠠᠢᠭ᠎ᠠ ᠬᠢᠴᠢᠶᠡᠯ ᠤᠨ ᠲᠣᠬᠢᠷᠠᠭᠤᠯᠤᠯ ᠲᠠᠢ ᠬᠠᠷᠢᠴᠠᠭᠤᠯᠤᠨ᠂ ᠣᠳᠣᠬᠢ ᠮᠠᠨ ᠤ ᠣᠷᠤᠨ ᠤ ᠦᠨᠳᠦᠰᠦᠲᠡᠨ ᠤ ᠰᠤᠷᠭᠠᠭᠤᠯᠢ ᠨᠤᠭᠤᠳ ᠤᠨ ᠬᠢᠳᠠᠳ ᠢᠢᠡᠷ ᠬᠢᠴᠢᠶᠡᠯᠯᠡᠬᠦ ᠵᠢ ᠬᠦᠨᠳᠦᠳᠭᠡᠬᠦ ᠪᠣᠯᠤᠭᠰᠠᠨ ᠪᠣᠳᠠᠳᠤ ᠪᠠᠢᠳᠠᠯ ᠵᠢᠴᠢ ᠲᠠᠶᠠᠭᠠᠷᠯᠠᠯ ᠤᠨ ᠤᠷᠤᠰᠬᠠᠯ ᠢ ᠴᠣᠣᠷᠢᠶᠠᠳᠤᠨ ᠠᠩᠯᠢ ᠬᠡᠯᠡᠨ ᠤ ᠰᠤᠷᠭᠠᠨ ᠬᠦᠮᠦᠵᠢᠯ ᠢ ᠴᠢᠬᠤᠯᠠᠴᠢᠯᠠᠭᠰᠠᠨ ᠡᠴᠡ ᠰᠤᠷᠭᠠᠨ ᠬᠦᠮᠦᠵᠢᠯ ᠤᠨ ᠹᠷᠤᠨᠲ ᠲᠤ ᠢᠯᠡᠷᠡᠭᠰᠡᠨ ᠡᠮᠵᠡᠭᠲᠦ ᠪᠠᠢᠳᠠᠯ ᠢ ᠵᠠᠳᠠᠯᠤᠨ᠎ᠠ᠃ ᠲᠠᠷᠠᠭ᠎ᠠ ᠳ᠋ᠤᠨᠢ᠂ ᠮᠣᠩᠭᠤᠯᠴᠤᠳ ᠶᠠᠮᠠᠷ ᠠᠷᠭ᠎ᠠ ᠬᠡᠯᠪᠡᠷᠢ ᠪᠡᠷ ᠦᠪᠡᠷᠰᠡᠳ ᠤᠨ ᠦᠭᠡ ᠬᠡᠯᠡ ᠪᠠ ᠲᠡᠦᠬᠡ ᠰᠣᠶᠣᠯ ᠢᠢᠡᠨ ᠬᠠᠮᠠᠭᠠᠯᠠᠨ ᠭᠦᠭᠵᠢᠬᠦᠯᠬᠦ ᠶᠢᠨ ᠲᠠᠭᠠᠤ ᠬᠦᠭᠵᠢᠭᠰᠡᠨ ᠦᠨᠳᠦᠰᠦᠲᠡᠨ ᠯᠤᠭᠡ ᠬᠠᠮᠲᠤ ᠪᠡᠷ ᠤᠷᠤᠰᠢᠨ ᠲᠤᠭᠲᠠᠨᠢᠬᠤ ᠶᠢᠨ ᠵᠠᠮ ᠢᠢᠡᠨ ᠬᠠᠢᠨ ᠰᠦᠪᠡᠭᠴᠢᠯᠡᠬᠦ ᠲᠤᠬᠠᠢ ᠦᠭᠦᠯᠡᠪᠡ᠃ ᠬᠠᠮᠤᠭ ᠰᠡᠭᠦᠯ ᠳ᠋ᠤᠨᠢ ᠡᠳᠡᠭᠡᠷ ᠠᠰᠠᠭᠤᠳᠠᠯ ᠤᠳ ᠢ ᠰᠢᠨᠵᠢᠯᠡᠨ ᠰᠣᠳᠤᠯᠤᠭᠰᠠᠨ ᠰᠠᠭᠤᠷᠢᠨ ᠲᠡᠭᠡᠷ ᠡ᠂ᠶᠠᠭᠠᠬᠢᠪᠠᠯ ᠰᠠᠶᠢ ᠮᠠᠨ ᠤ ᠤᠯᠤᠰ ᠤᠨ ᠮᠡᠳᠦ ᠤᠯᠠᠨ ᠦᠨᠳᠦᠰᠦᠲᠡᠨ ᠲᠠᠢ ᠤᠯᠤᠰ ᠲᠤ ᠦᠨᠳᠦᠰᠦᠲᠡᠨ ᠤ ᠦᠭᠡ ᠬᠡᠯᠡ᠂ ᠲᠡᠦᠭᠡ ᠰᠣᠶᠣᠯ ᠪᠣᠶᠤ ᠠᠵᠤ ᠠᠬᠤᠢ ᠨᠢ ᠬᠡᠪ ᠤᠨ ᠶᠤᠰᠤᠭᠠᠷ ᠢᠢᠡᠨ ᠬᠠᠮᠲᠤ ᠪᠡᠷ ᠵᠡᠷᠭᠡᠴᠡᠨ ᠤᠷᠤᠰᠢᠬᠤ ᠠᠰᠠᠭᠤᠳᠠᠯ ᠤᠨ ᠲᠣᠬᠠᠢ ᠦᠪᠡᠷ ᠤᠨ ᠦᠵᠡᠯᠲᠡ ᠪᠠᠨ ᠲᠤᠷᠠᠳᠪᠠ᠃ |
原文 |
查看原文
|
出自 |
内蒙古师范大学学报
2013年
第3期
|