摘要 |
ᠺᠠᠲ᠋ᠤᠯᠢᠭ ᠱᠠᠰᠢᠨ ᠳᠡᠯᠭᠡᠷᠡᠭᠰᠡᠨ ᠶᠠᠪᠤᠳᠠᠯ ᠪᠤᠯ ᠦᠪᠦᠷ ᠮᠣᠩ᠋ᠭᠤᠯ ᠤᠨ ᠣᠷᠴᠢᠨ ᠦᠶ᠎ᠡ ᠶᠢᠨ ᠲᠡᠦᠬᠡᠨ ᠳᠡᠭᠡ ᠶᠡᠬᠡᠬᠡᠨ ᠨᠦᠯᠦᠭᠡ ᠲᠡᠢ ᠶᠤᠮ᠃ ᠦᠩᠭᠡᠷᠡᠭᠡᠨ ᠳᠦ ᠂ ᠲᠡᠦᠬᠡᠴᠢᠳ ᠦᠨᠳᠦᠰᠦᠨ ᠳᠡᠭᠡᠨ ᠬᠠᠷᠢ ᠶᠢᠨ ᠳᠦᠷᠢᠮᠡᠭᠡᠢ᠌ᠯᠡᠯ ᠢ ᠡᠰᠡᠷᠭᠦᠴᠡᠬᠦ ᠡᠭᠦᠳᠡᠨ ᠡᠴᠡ ᠡᠨᠡ ᠠᠰᠠᠭᠤᠳᠠᠯ ᠢ ᠰᠤᠳᠤᠯᠵᠤ ᠪᠠᠢ᠌ᠭᠰᠠᠨ ᠲᠤᠯᠠ᠂ ᠲᠡᠭᠦᠨ ᠦ ᠦᠢᠯᠡᠳᠦᠯ ᠨᠦᠯᠦᠭᠡ ᠶᠢ ᠭᠦᠢᠴᠡᠳ ᠳᠤᠰᠬᠠᠤ ᠲᠠᠯ᠎ᠠ ᠪᠠᠷ ᠬᠦᠷᠦᠯᠴᠡᠬᠦ ᠦᠭᠡᠢ ᠪᠠᠢ᠌ᠪᠠ᠃ ᠲᠤᠰ ᠦᠭᠦᠯᠡᠯ ᠳᠦ ᠭᠤᠤᠯᠳᠠᠭᠤ ᠺᠠᠲ᠋ᠤᠯᠢᠭ ᠱᠠᠰᠢᠨ ᠦᠪᠦᠷ ᠮᠣᠩ᠋ᠭᠤᠯ ᠳᠤ ᠤᠯᠠᠮᠵᠢᠯᠠᠭᠳᠠᠵᠤ ᠳᠡᠯᠭᠡᠷᠡᠭᠰᠡᠨ ᠶᠠᠪᠤᠴᠠ ᠵᠢᠴᠢ ᠬᠠᠷᠢ ᠶᠢᠨ ᠱᠠᠢᠨ ᠳᠡᠯᠭᠡᠷᠡᠭᠦᠯᠦᠭᠴᠢᠳ ᠡᠴᠡ ᠳᠤᠲᠤᠷ ᠭᠠᠵᠠᠷ ᠤᠨ ᠲᠠᠷᠢᠶᠠᠴᠢᠨ ᠢᠷᠭᠡᠳ ᠦᠨ ᠮᠣᠩ᠋ᠭᠤᠯ ᠭᠠᠵᠠᠷ ᠨᠡᠭᠦᠳᠡᠯᠯᠡᠬᠦ ᠳᠦ ᠦᠵᠡᠭᠦᠯᠦᠭᠰᠡᠨ ᠦᠢᠯᠡᠳᠦᠯ ᠨᠦᠯᠦᠭᠡ ᠶᠢ ᠪᠤᠰᠤᠳᠴᠢ ᠪᠠᠷ ᠦᠭᠦᠯᠡᠨ ᠰᠢᠨᠵᠢᠯᠡᠬᠦ ᠶᠢ ᠵᠤᠷᠢᠵᠠᠢ᠃ |