题名 |
ᠰᠢᠨᠵᠢᠯᠡᠬᠦ ᠤᠬᠠᠭᠠᠨᠴᠢ ᠬᠦᠭ᠍ᠵᠯᠲᠡ ᠶᠢᠨ ᠦᠵᠡᠯᠲᠡ ᠪᠡᠷ ᠵᠢᠯᠤᠭᠤᠳᠤᠯᠭ᠎ᠠ ᠪᠤᠯᠭᠠᠵᠤ᠂ ᠳᠡᠭᠡᠳᠦ ᠰᠤᠷᠭᠠᠭᠤᠯᠢ ᠶᠢᠨ ᠨᠠᠮ ᠤᠨ ᠰᠤᠷᠲᠠᠯ ᠤᠨ ᠪᠠᠢ᠌ᠢᠭᠤᠯᠤᠯᠲᠠ ᠶᠢ ᠴᠢᠩ᠋ᠭᠠᠳᠬᠠᠬᠤ ᠲᠤᠬᠠᠢ |
作者 |
ᠠᠮᠢᠨ |
关键词 |
ᠳᠡᠭᠡᠳᠦ ᠰᠤᠷᠭᠠᠭᠤᠯᠢ; ᠨᠠᠮ ᠤᠨ ᠰᠤᠷᠲᠠᠯ; ᠪᠠᠢ᠌ᠭᠤᠯᠤᠯᠲᠠ |
摘要 |
ᠨᠠᠮ ᠤᠨ ᠰᠤᠷᠲᠠᠯ ᠤᠨ ᠪᠠᠢ᠌ᠭᠤᠯᠤᠯᠲᠠ ᠪᠤᠯ ᠨᠠᠮ ᠤᠨ ᠪᠠᠢ᠌ᠭᠤᠯᠤᠯᠲᠠ ᠶᠢᠨ ᠴᠢᠬᠤᠯᠠ ᠪᠦᠷᠢᠯᠳᠦᠭᠦᠨ ᠮᠦᠨ᠃ ᠳᠡᠭᠡᠳᠦ ᠵᠡᠷᠭᠡ ᠶᠢᠨ ᠰᠤᠷᠭᠠᠨ ᠬᠦᠮᠦᠵᠢᠯ ᠨᠢ ᠴᠢᠳᠠᠪᠤᠷᠢᠲᠠᠨ ᠢ ᠬᠦᠮᠦᠵᠢᠭᠦᠵᠦ᠂ ᠰᠢᠨᠵᠢᠯᠡᠬᠦ ᠤᠬᠠᠭᠠᠨ ᠢ ᠰᠤᠳᠤᠯᠤᠨ᠂ ᠨᠡᠢ᠌ᠭᠡᠮ ᠳᠦ ᠦᠢᠯᠡᠴᠢᠯᠡᠬᠦ ᠪᠡᠷ ᠭᠤᠤᠯ ᠡᠭᠦᠷᠭᠡ ᠪᠡᠨ ᠪᠤᠯᠭᠠᠵᠤ ᠪᠠᠢ᠌ᠳᠠᠭ ᠢᠶᠠᠷ ᠢᠶᠠᠨ ᠨᠢᠭᠡᠨᠲᠡ ᠠᠵᠤ ᠠᠬᠤᠢ᠂ ᠨᠡᠢ᠌ᠭᠡᠮ ᠦᠨ ᠬᠦᠭ᠍ᠵᠢᠯᠲᠡ ᠪᠤᠯᠤᠨ ᠦᠨᠳᠦᠰᠦᠲᠡᠨ ᠦ ᠮᠡᠨᠳᠦᠯ ᠬᠦᠭ᠍ᠵᠢᠯ ᠦᠨ ᠴᠢᠬᠤᠯᠠ ᠰᠠᠭᠤᠷᠢ ᠪᠤᠯᠤᠭᠰᠠᠨ ᠪᠠᠢ᠌ᠳᠠᠭ᠃ ᠳᠡᠭᠡᠳᠦ ᠰᠤᠷᠭᠠᠭᠤᠯᠢ ᠶᠢᠨ ᠨᠠᠮ ᠤᠨ ᠰᠤᠷᠲᠠᠯ ᠤᠨ ᠪᠠᠢ᠌ᠭᠤᠯᠤᠯᠲᠠ ᠶᠢ ᠴᠢᠩ᠋ᠭᠠᠳᠬᠠᠬᠤ ᠠᠵᠢᠯ ᠢ ᠳᠡᠭᠡᠳᠦ ᠬᠡᠮᠵᠢᠶ᠎ᠡ ᠪᠡᠷ ᠬᠦᠨᠳᠦᠳᠭᠡᠬᠦ ᠨᠢ ᠨᠠᠮ ᠤᠨ ᠦᠨᠳᠦᠰᠦᠨ ᠱᠤᠭᠤᠮ ᠪᠤᠯᠤᠨ ᠰᠤᠷᠭᠠᠨ ᠬᠦᠮᠦᠵᠢᠯ ᠦᠨ ᠴᠢᠭᠯᠡᠯᠲᠡ ᠶᠢ ᠲᠤᠭᠤᠰᠢᠯᠠᠤᠯᠤᠨ ᠨᠠᠢ᠌ᠳᠠᠪᠤᠷᠢᠵᠢᠭᠤᠯᠵᠤ᠂ ᠴᠢᠳᠠᠪᠤᠷᠢᠲᠠᠨ ᠢ ᠬᠦᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠡᠶᠡᠯᠡᠭᠦᠯᠬᠦ ᠲᠡᠢ ᠰᠢᠭᠤᠳ ᠬᠤᠯᠪᠤᠭᠳᠠᠵᠤ ᠪᠠᠢ᠌ᠬᠤ ᠪᠠᠷ ᠦᠯᠦ ᠪᠠᠷᠠᠮ᠂ ᠰᠢᠨᠵᠢᠯᠡᠬᠦ ᠤᠬᠠᠭᠠᠨ ᠲᠧᠭᠨᠢᠭ᠌᠌ ᠮᠡᠷᠭᠡᠵᠢᠯ ᠦᠨ ᠳᠠᠪᠰᠢᠯᠲᠠ ᠪᠤᠯᠤᠨ ᠣᠳᠣᠬᠢᠴᠢᠯᠠᠯᠲᠠ ᠶᠢᠨ ᠪᠦᠲᠦᠬᠡᠨ ᠪᠠᠢ᠌ᠭᠤᠯᠤᠯᠲᠠ ᠲᠠᠢ ᠨᠢᠭᠲᠠ ᠬᠤᠯᠪᠤᠭᠳᠠᠵᠤ ᠪᠠᠢ᠌ᠳᠠᠭ᠃ ᠡᠢ᠌ᠮᠦ ᠡᠴᠡ ᠡᠷᠬᠡᠪᠰᠢ ᠰᠢᠨᠵᠢᠯᠡᠬᠦ ᠤᠬᠠᠭᠠᠨᠴᠢ ᠬᠦᠭ᠍ᠵᠢᠯᠲᠡ ᠶᠢᠨ ᠦᠵᠡᠯᠲᠡ ᠪᠡᠷ ᠵᠢᠯᠤᠭᠤᠳᠤᠯᠭ᠎ᠠ ᠪᠤᠯᠭᠠᠵᠤ᠂ ᠳᠡᠭᠡᠳᠦ ᠰᠤᠷᠭᠠᠭᠤᠯᠢ ᠶᠢᠨ ᠨᠠᠮ ᠤᠨ ᠰᠤᠷᠲᠠᠯ ᠤᠨ ᠪᠠᠢ᠌ᠭᠤᠯᠤᠯᠲᠠ ᠶᠢ ᠦᠨᠡᠨ ᠬᠦ ᠴᠢᠩ᠋ᠭᠠᠳᠬᠠᠵᠤ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠦᠨ ᠦᠢᠯᠡᠰ ᠦᠨ ᠰᠢᠨᠵᠢᠯᠡᠬᠦ ᠤᠬᠠᠭᠠᠨᠴᠢ ᠬᠦᠭ᠍ᠵᠢᠯᠲᠡ ᠳᠦ ᠪᠠᠲᠤ ᠪᠡᠬᠢ ᠤᠯᠤᠰ ᠲᠦᠷᠦ ᠶᠢᠨ ᠪᠠᠲᠤᠯᠠᠭ᠎ᠠ ᠪᠤᠯᠤᠨ ᠵᠤᠬᠢᠶᠠᠨ ᠪᠠᠢ᠌ᠭᠤᠯᠤᠯᠲᠠ ᠶᠢᠨ ᠪᠠᠲᠤᠯᠠᠭ᠎ᠠ ᠶᠢ ᠬᠠᠩ᠋ᠭᠠᠵᠤ ᠦᠭ᠍ᠬᠦ ᠬᠡᠷᠡᠭᠲᠡᠢ᠃ |
原文 |
查看原文
|
出自 |
蒙古学研究
2010年
第3期
|