题名 |
ᠤᠯᠠᠭᠠᠨᠬᠤᠳᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ ᠤᠨ ᠡᠷᠴᠢᠮᠯᠢᠭ᠌ ᠠᠰᠢᠭᠯᠠᠯᠳᠠ ᠶᠢᠨ ᠲᠤᠬᠠᠢ |
作者 |
ᠬᠦᠰᠡᠯ |
关键词 |
ᠡᠷᠴᠢᠮᠯᠢᠭ᠌ ᠠᠰᠢᠭᠯᠠᠯᠳᠠ; ᠤᠯᠠᠭᠠᠨᠬᠤᠳᠠ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ |
摘要 |
ᠨᠡᠭᠡᠭᠡᠯᠳᠡ ᠶᠢᠨ ᠲᠤᠭᠤᠷᠢᠭ ᠨᠢ ᠠᠵᠤ ᠠᠬᠤᠢ ᠶᠢᠨ ᠦᠷ᠎ᠡ ᠠᠰᠢᠭ ᠪᠡᠷ ᠶᠢᠡᠨ ᠬᠤᠳᠠ ᠶᠢᠨ ᠠᠵᠤ ᠠᠬᠤᠢ ᠶᠢᠨ ᠨᠡᠮᠡᠭᠳᠡᠯᠳᠡ ᠶᠢᠨ ᠴᠢᠭ᠌ ᠪᠤᠯᠵᠤ᠂ ᠨᠡᠢ᠌ᠭᠡᠮ ᠠᠵᠤ ᠠᠬᠤᠢ ᠶᠢᠨ ᠭᠦᠭ᠍ᠵᠢᠯᠳᠡ ᠳᠤ ᠯᠤᠳᠤ ᠶᠡᠬᠡ ᠦᠢᠯᠡᠳᠦᠯ ᠦᠵᠡᠭᠦᠯᠵᠦ ᠪᠠᠢ᠌ᠨ᠎ᠠ᠃ ᠭᠡᠪᠡᠴᠦ ᠨᠡᠭᠡᠭᠡᠯᠳᠡ ᠶᠢᠨ ᠲᠤᠭᠤᠷᠢᠭ ᠢ ᠨᠡᠭᠡᠭᠡᠨ ᠠᠰᠢᠭᠯᠠᠬᠤ ᠶᠠᠪᠤᠴᠠ ᠳᠤ ᠦᠷᠭᠡᠳᠭᠡᠬᠦ ᠶᠢ ᠬᠦᠭᠡᠭᠡᠴᠡᠯᠳᠦᠵᠦ ᠲᠠᠯᠳᠠ ᠬᠦᠴᠦᠨ ᠢ ᠠᠭᠤᠳᠠᠯᠬᠤ ᠶᠢ ᠬᠦᠩᠭᠡᠪᠴᠢᠯᠡᠬᠦ᠂ ᠬᠡᠪᠴᠢᠶ᠎ᠡ ᠶᠢ ᠦᠷᠭᠡᠳᠭᠡᠬᠦ ᠪᠠ ᠠᠰᠢᠭᠯᠠᠮᠵᠢ ᠶᠢ ᠬᠦᠭᠡᠭᠡᠴᠡᠯᠳᠦᠵᠦ᠂ ᠪᠡᠯᠡ ᠮᠦᠩᠭᠦ ᠤᠷᠤᠭᠤᠯᠬᠤ ᠶᠢ ᠬᠦᠭᠡᠭᠡᠴᠡᠯᠳᠦᠵᠦ ᠲᠦᠯᠦᠪᠵᠢᠭᠦᠯᠭᠡ ᠶᠢ ᠬᠦᠩᠭᠡᠪᠴᠢᠯᠡᠬᠦ ᠵᠡᠷᠭᠡ ᠤᠯᠠᠨ ᠠᠰᠠᠭᠤᠳᠠᠯ ᠤᠷᠤᠰᠢᠵᠤ ᠪᠠᠢ᠌ᠨ᠎ᠠ᠃ ᠨᠡᠭᠡᠭᠡᠯᠳᠡ ᠶᠢᠨ ᠲᠤᠭᠤᠷᠢᠭ ᠤᠨ ᠡᠷᠴᠢᠮᠯᠢᠭ᠌ ᠠᠰᠢᠭᠯᠠᠯᠳᠠ ᠶᠢᠨ ᠦᠨᠡᠯᠡᠯᠳᠡ ᠨᠢ ᠨᠡᠭᠡᠭᠡᠯᠳᠡ ᠶᠢᠨ ᠲᠤᠭᠤᠷᠢᠭ ᠤᠨ ᠭᠠᠵᠠᠷ ᠰᠢᠷᠤᠢ ᠶᠢᠨ ᠲᠯᠠᠳᠠ ᠬᠦᠴᠦᠨ ᠢ ᠠᠭᠤᠳᠠᠯᠬᠤ ᠶᠢ ᠠᠬᠢᠭᠤᠯᠵᠤ᠂ ᠭᠠᠵᠠᠷ ᠰᠢᠷᠤᠢ ᠶᠢᠨ ᠬᠠᠮᠢᠶᠠᠷᠤᠯᠳᠠ ᠶᠢᠨ ᠲᠦᠪᠰᠢᠨ ᠢ ᠲᠡᠭᠡᠭ᠍ᠰᠢᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠪᠠᠢ᠌ᠳᠠᠭ᠃ ᠲᠤᠰ ᠰᠤᠳᠤᠯᠭᠠᠨ ᠳᠤ ᠦᠨᠡᠯᠡᠯᠳᠡ ᠶᠢᠨ ᠭᠦᠢᠴᠡᠳᠭᠡᠬᠦ ᠲᠤᠭᠠᠨ ᠤ ᠲᠤᠭᠳᠠᠯᠴᠠᠭ᠎ᠠ ᠪᠠᠨ 3 ᠬᠠᠷᠠᠯᠳᠠ ᠶᠢᠨ ᠲᠠᠪᠬᠤᠷᠭ᠎ᠠ᠂ 5 ᠲᠡᠳ᠋ ᠬᠠᠷᠠᠯᠳᠠ ᠶᠢᠨ ᠲᠠᠪᠬᠤᠷᠭ᠎ᠠ᠂ 10 ᠭᠦᠢᠴᠡᠳᠭᠡᠬᠦ ᠲᠤᠭᠠᠨ ᠤ ᠲᠠᠪᠬᠤᠷᠭ᠎ᠠ ᠪᠡᠷ ᠪᠠᠢ᠌ᠭᠤᠯᠵᠤ᠂ ᠨᠡᠭᠡᠭᠡᠯᠳᠡ ᠶᠢᠨ ᠲᠤᠭᠤᠷᠢᠭ ᠤᠨ ᠡᠷᠴᠢᠮᠯᠢᠭ᠌ ᠠᠰᠢᠭᠯᠠᠯᠳᠠ ᠶᠢᠨ ᠬᠡᠮᠵᠢᠶ᠎ᠡ ᠶᠢ ᠪᠤᠳᠤᠵᠤ ᠭᠠᠷᠭᠠᠵᠠᠢ᠃ |
原文 |
查看原文
|
出自 |
赤峰学院学报(蒙文哲学社会科学版)
2015年
第6期
|