摘要 |
ᠬᠤᠷᠴᠢᠨ ᠨᠤᠲᠤᠭ ᠲᠤ ᠲᠠᠷᠢᠶᠠᠯᠠᠬᠤ ᠰᠤᠶᠤᠯ ᠤᠨ ᠲᠦᠭᠡᠮᠡᠯᠵᠢᠬᠦ ᠶᠢ ᠳᠠᠭᠠᠯᠳᠤᠨ ᠨᠡᠢ᠌ᠭᠡᠮ ᠠᠬᠤᠢ ᠪᠤᠯᠤᠨ ᠪᠠᠢ᠌ᠭᠠᠯᠢ ᠣᠷᠴᠢᠨ ᠳᠤ ᠶᠡᠬᠡᠬᠡᠨ ᠬᠤᠪᠢᠷᠠᠯᠲᠠ ᠭᠠᠷᠤᠭᠰᠠᠨ ᠪᠠᠢ᠌ᠨ᠎ᠠ᠃ ᠦᠭᠦᠯᠡᠯ ᠳᠤ᠂ ᠬᠤᠷᠴᠢᠨᠴᠤᠳ ᠤᠨ ᠠᠵᠤ ᠠᠬᠤᠢᠶᠢᠨ ᠪᠦᠲᠦᠴᠡ᠂ ᠨᠡᠢ᠌ᠭᠡᠮ ᠦᠨ ᠦᠢᠯᠡᠳᠪᠦᠷᠢᠯᠡᠯ ᠦᠨ ᠵᠤᠬᠢᠶᠠᠨ ᠪᠠᠢ᠌ᠭᠤᠯᠤᠯᠲᠠ ᠵᠢᠴᠢ ᠣᠷᠤᠨ ᠰᠠᠭᠤᠴᠠ ᠵᠡᠷᠭᠡ ᠣᠯᠠᠨ ᠴᠠᠷ᠎ᠠ ᠬᠦᠷᠢᠶ᠎ᠡ ᠳᠡᠬᠢ ᠲᠠᠷᠢᠶᠠᠯᠠᠬᠤ ᠰᠤᠶᠤᠯ ᠤᠨ ᠨᠦᠯᠦᠭᠡ ᠳᠤᠰᠬᠠᠯ ᠢ ᠬᠤᠷᠴᠢᠨ ᠤ ᠭᠠᠵᠠᠷ ᠤᠨ ᠨᠡᠷ᠎ᠡ ᠶᠢᠨ ᠬᠤᠪᠢᠷᠠᠯ ᠬᠦᠭ᠍ᠵᠢᠯ ᠯᠦᠭᠡ ᠤᠶᠠᠯᠳᠤᠭᠤᠯᠤᠨ ᠰᠤᠳᠤᠯᠬᠤ ᠪᠠᠷ ᠳᠠᠮᠵᠢᠨ ᠲᠠᠷᠢᠶᠠᠯᠠᠬᠤ ᠰᠤᠶᠤᠯ ᠤᠨ ᠬᠤᠷᠴᠢᠨ ᠨᠤᠲᠤᠭ ᠲᠠᠬᠢ ᠲᠦᠭᠡᠮᠡᠯᠵᠢᠯ ᠵᠢᠴᠢ ᠲᠡᠭᠦᠨ ᠦ ᠬᠤᠷᠴᠢᠨ ᠰᠤᠶᠤᠯ ᠤᠨ ᠬᠦᠭ᠍ᠵᠢᠯ ᠬᠤᠪᠢᠷᠠᠯ ᠳᠤ ᠦᠵᠡᠭᠦᠯᠦᠭᠰᠡᠨ ᠭᠦᠨ ᠨᠦᠯᠦᠭᠡ ᠶᠢ ᠮᠦᠷᠳᠡᠨ ᠰᠢᠨᠵᠢᠬᠦ ᠶᠢ ᠵᠤᠷᠢᠪᠠ᠃ |