题名 |
ᠢᠷᠭᠡᠨ ᠤ ᠬᠡᠷᠡᠭ ᠤᠨ ᠵᠠᠷᠭᠤ ᠶᠢᠨ ᠬᠠᠤᠯᠢ ᠶᠢᠨ ᠵᠢᠭᠠᠨ ᠰᠤᠷᠭᠠᠯᠲᠠ ᠵᠢ ᠦᠭᠡᠷᠡᠴᠢᠯᠡᠬᠦ ᠲᠣᠬᠠᠢ ᠰᠦᠪᠡᠭᠴᠢᠯᠠᠯ |
作者 |
ᠰᠦᠨ ᠬᠠᠢ ᠯᠢᠨ |
关键词 |
ᠢᠷᠭᠡᠨ ᠤ ᠬᠡᠷᠡᠭ ᠤᠨ ᠵᠠᠷᠭᠤ ᠶᠢᠨ ᠬᠠᠤᠯᠢ; ᠵᠢᠭᠠᠨ ᠰᠤᠷᠭᠠᠯᠲᠠ; ᠦᠭᠡᠷᠡᠴᠢᠯᠡᠯᠲᠡ |
摘要 |
ᠪᠢᠳᠠ ᠬᠠᠤᠯᠢ ᠶᠢᠨ ᠨᠡᠢᠭᠡᠮ ᠤᠨ ᠪᠦᠲᠦᠭᠡᠨ ᠪᠠᠢᠭᠤᠯᠤᠯᠲᠠ ᠬᠢᠬᠦ ᠳ᠋ᠡᠭᠡᠨ ᠶᠡᠬᠡ ᠬᠡᠮᠬᠢᠶᠡᠨ ᠤ ᠬᠠᠤᠯᠢ ᠴᠠᠭᠠᠵᠠ ᠶᠢᠨ ᠴᠢᠳᠠᠪᠤᠷᠢᠲᠠᠨ ᠢ ᠬᠡᠷᠡᠭᠰᠦᠬᠦ ᠪᠣᠯᠤᠨ᠎ᠠ᠃ ᠲᠤᠰ ᠦᠭᠦᠯᠡᠯ ᠨᠢ ᠬᠠᠤᠯᠢ ᠴᠠᠭᠠᠵᠠ ᠶᠢᠨ ᠶᠡᠬᠡ ᠲᠡᠭᠡᠳᠦ ᠰᠤᠷᠭᠠᠭᠤᠯᠢ ᠶᠢᠨ ᠢᠷᠭᠡᠨ ᠤ ᠵᠠᠷᠭᠤ ᠶᠢᠨ ᠬᠠᠤᠯᠢ ᠶᠢᠨ ᠵᠢᠭᠠᠨ ᠰᠤᠷᠭᠠᠯᠲᠠ ᠪᠡᠷ ᠴᠡᠭ ᠪᠣᠯᠭᠠᠨ᠂ ᠤᠳᠤᠬᠠᠨ ᠤ ᠵᠢᠭᠠᠨ ᠰᠤᠷᠭᠠᠯᠲᠠ ᠳ᠋ᠤ ᠣᠷᠤᠰᠢᠵᠤ ᠪᠠᠢᠭ᠎ᠠ ᠠᠰᠠᠭᠤᠳᠠᠯ ᠢ ᠨᠠᠷᠢᠯᠢᠭ ᠵᠠᠳᠠᠯᠤᠭᠰᠠᠨ ᠰᠠᠭᠤᠷᠢᠨ ᠲᠡᠭᠡᠷ ᠡ᠂ ᠠᠰᠠᠭᠤᠬᠤ ᠪᠠ ᠶᠠᠷᠢᠯᠴᠬᠤ ᠬᠡᠯᠪᠡᠷᠢ ᠶᠢᠨ ᠵᠢᠭᠠᠨ ᠰᠤᠷᠭᠠᠯᠲᠠ ᠪᠡᠷ ᠴᠢᠳᠬᠤᠮᠠᠯ ᠬᠡᠯᠪᠡᠷᠢ ᠶᠢᠨ ᠵᠢᠭᠠᠨ ᠰᠤᠷᠭᠠᠯᠲᠠ ᠵᠢ ᠤᠷᠤᠯᠠᠭᠤᠯᠬᠤ ᠦᠵᠡᠯᠲᠡ ᠵᠢ ᠲᠤᠷᠠᠳᠤᠨ᠂ᠵᠢᠭᠠᠨ ᠰᠤᠷᠭᠠᠬᠤ ᠶᠠᠪᠤᠴᠠ ᠳ᠋ᠠᠭᠠᠨ ᠵᠢᠭᠠᠨ ᠰᠤᠷᠭᠠᠬᠤ ᠠᠭᠤᠯᠭ᠎ᠠ ᠪᠠ ᠵᠣᠷᠢᠯᠭ᠎ᠠ ᠳ᠋ᠠᠭᠠᠨ ᠲᠣᠬᠢᠷᠠᠭᠰᠠᠨ ᠰᠢᠨ᠎ᠠ ᠰᠤᠷᠭᠤᠭ ᠪᠦᠭᠡᠳ ᠲᠦᠯᠦᠭᠡᠯᠡᠬᠦ ᠴᠢᠨᠠᠷᠲᠠᠢ ᠬᠡᠷᠡᠭ ᠤᠨ ᠵᠢᠱᠢᠶ ᠡ ᠵᠢ ᠰᠤᠩᠭᠤᠬᠤ ᠪᠡᠷ ᠲᠠᠮᠵᠢᠨ᠂ ᠰᠤᠷᠤᠭᠴᠢᠳ ᠤᠨ ᠤᠷᠮ᠎ᠠ ᠪᠠᠬ ᠠ ᠵᠢ ᠭᠦᠭᠵᠢᠭᠡᠵᠦ᠂ ᠵᠢᠭᠠᠨ ᠰᠤᠷᠭᠠᠯᠲᠠ ᠶᠢᠨ ᠦᠷ ᠡ ᠪᠦᠲᠦᠮᠵᠢ ᠵᠢ ᠲᠡᠭᠡᠭᠰᠢᠯᠡᠬᠦᠯᠬᠦ ᠲᠣᠬᠠᠢ ᠦᠭᠦᠯᠡᠪᠡ᠃ |
原文 |
查看原文
|
出自 |
内蒙古师范大学学报
2013年
第1期
|