摘要 |
ᠪᠠᠭᠠᠲᠤᠷᠯᠢᠭ ᠲᠤᠤᠯᠢ ᠪᠣᠯ ᠮᠣᠩᠭᠤᠯᠴᠤᠳ ᠤᠨ ᠤᠯᠠᠮᠵᠢᠠᠯᠯᠠᠲᠤ ᠶᠠᠷᠢᠵᠤ ᠲᠠᠭᠤᠯᠠᠬᠤ ᠤᠷᠠᠯᠢᠭ ᠤᠨ ᠬᠡᠯᠪᠡᠷᠢ ᠮᠦᠨ᠃ ᠲᠤᠰ ᠦᠭᠦᠯᠡᠯ ᠳ᠋ᠤ ᠮᠣᠩᠭᠤᠯ ᠪᠠᠭᠠᠲᠤᠷᠯᠢᠭ ᠲᠤᠤᠯᠢ ᠶᠢᠨ ᠣᠳᠣᠬᠢ ᠪᠠᠢᠳᠠᠯ ᠢ ᠵᠠᠳᠠᠯᠤᠨ ᠰᠢᠨᠵᠢᠯᠡᠬᠦ ᠪᠡᠷ ᠲᠠᠮᠵᠢᠨ᠂ ᠪᠠᠭᠠᠲᠤᠷᠯᠢᠭ ᠲᠤᠤᠯᠢ ᠵᠢ ᠬᠠᠮᠠᠭᠠᠯᠠᠨ ᠬᠦᠭᠵᠢᠬᠦᠯᠬᠦ ᠳ᠋ᠤ ᠴᠣᠬᠤᠮ ᠶᠠᠮᠠᠷ ᠰᠢᠤ ᠪᠣᠳᠠᠳᠠᠢ ᠠᠷᠭ᠎ᠠ ᠬᠡᠮᠵᠢᠶ ᠡ ᠠᠪᠤᠪᠠᠯ ᠰᠠᠶᠢ ᠵᠣᠷᠢᠯᠭ᠎ᠠ ᠳ᠋ᠠᠭᠠᠨ ᠬᠦᠷᠴᠦ ᠴᠢᠳᠠᠬᠤ ᠲᠣᠬᠠᠢ ᠰᠠᠨᠠᠯ ᠢᠢᠡᠨ ᠲᠤᠷᠠᠳᠴᠤ᠂ ᠤᠨᠤᠯ ᠤᠨ ᠲᠠᠯ ᠠ ᠪᠡᠷ ᠦᠭᠦᠯᠡᠭᠰᠡᠨ ᠶᠣᠮ᠃ ᠮᠦᠨ ᠴᠦ ᠪᠠᠭᠠᠲᠤᠷᠯᠢᠭ ᠲᠤᠤᠯᠢ ᠮᠡᠳᠦ ᠪᠣᠳᠠᠰ ᠤᠨ ᠪᠣᠰᠤ ᠰᠣᠶᠣᠯ ᠤᠨ ᠦᠪ ᠢ ᠵᠠᠯᠭᠠᠮᠵᠢᠠᠯᠨ ᠬᠦᠭᠵᠢᠭᠦᠯᠬᠦ ᠨᠢ ᠶᠠᠮᠠᠷ ᠨᠢᠭᠡᠨ ᠬᠤᠪᠢ ᠬᠦᠮᠦᠨ᠂ ᠶᠠᠮᠠᠷᠪᠠ ᠨᠢᠭᠡᠨ ᠪᠠᠢᠭᠤᠯᠭ᠎ᠠ ᠬᠤᠪᠢ ᠪᠡᠷ ᠢᠢᠡᠨ ᠰᠣᠳᠤᠯᠤᠨ᠂ ᠬᠦᠢᠴᠡᠳᠭᠡᠭᠡᠳ ᠯᠡ ᠪᠣᠯᠴᠢᠬᠠᠬᠤ ᠪᠢᠰᠢ ᠬᠠᠷᠢᠨ ᠪᠦᠬᠦ ᠨᠡᠢᠭᠡᠮ ᠢᠢᠡᠷ ᠢᠢᠡᠨ ᠬᠦᠨᠳᠦᠳᠭᠡᠨ ᠦᠵᠡᠵᠦ᠂ ᠬᠦᠴᠦ ᠬᠠᠮᠲᠤᠷᠠᠨ ᠴᠢᠷᠮᠠᠢᠨ ᠰᠣᠳᠤᠯᠬᠤ ᠠᠵᠢᠯ ᠮᠦᠨ ᠭᠡᠵᠦ ᠲᠤᠷᠠᠳᠤᠭᠰᠠᠨ ᠪᠠᠢᠨ᠎ᠠ᠃ |