论文信息


题名 ᠰᠣᠨᠢᠨ ᠮᠡᠳᠡᠭᠡᠨ ᠤ ᠲᠤᠰᠬᠠᠢ ᠮᠡᠷᠭᠡᠵᠢᠯ ᠤᠨ ᠬᠢᠴᠢᠶᠡᠯᠯᠡᠭᠡ ᠳ᠋ᠤ ᠬᠤᠯᠪᠤᠭᠳᠠᠭᠰᠠᠨ ᠵᠠᠷᠢᠮ ᠠᠰᠠᠭᠤᠳᠠᠯ ᠤᠨ ᠲᠣᠬᠠᠢ
作者 ᠸᠠᠩ ᠭᠤᠤ ᠠ
关键词 ᠰᠣᠨᠢᠨ ᠮᠡᠳᠡᠭᠡ;ᠲᠤᠰᠬᠠᠢ ᠮᠡᠷᠡᠭᠡᠵᠢᠯ ᠤᠨ ᠬᠢᠴᠢᠶᠡᠯᠯᠡᠭᠡ;ᠵᠠᠷᠢᠮ ᠠᠰᠠᠭᠤᠳᠠᠯ 
摘要 ᠴᠠᠭ ᠦᠶ ᠠ ᠶᠢᠨ ᠱᠠᠭᠠᠷᠳᠠᠯᠭ᠎ᠠ ᠳ᠋ᠤ ᠲᠣᠬᠢᠷᠠᠭᠰᠠᠨ ᠴᠢᠳᠠᠪᠤᠷᠢᠲᠠᠨ ᠢ ᠬᠦᠮᠦᠵᠢᠬᠦᠯᠬᠦ ᠪᠣᠯ ᠤᠯᠤᠰ ᠠᠷᠠᠳ ᠤᠨ ᠰᠤᠷᠭᠠᠨ ᠬᠦᠮᠦᠵᠢᠯ ᠤᠨ ᠲᠡᠭᠡᠳᠦ ᠱᠠᠲᠤ ᠪᠣᠯᠬᠤ ᠶᠡᠬᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠬᠤᠯᠠ ᠡᠭᠦᠷᠭᠡ ᠪᠣᠯᠬᠤ ᠶᠣᠮ᠃ ᠬᠦᠮᠦᠨ ᠲᠦᠷᠦᠯᠬᠢᠲᠡᠨ ᠤ ᠨᠡᠢᠭᠡᠮ ᠰᠤᠷᠠᠭ ᠵᠠᠩᠬᠢ ᠪᠠ ᠤᠶᠤᠨ ᠤ ᠠᠵᠤ ᠠᠬᠤᠢ ᠶᠢᠨ ᠴᠠᠭ ᠦᠶ ᠠ ᠳ᠋ᠤ ᠤᠷᠤᠬᠤ ᠵᠢ ᠲᠠᠭᠠᠯᠳᠤᠵᠤ᠂ ᠰᠣᠨᠢᠨ ᠮᠡᠳᠡᠭᠡᠨ ᠤ ᠰᠤᠷᠭᠠᠨ ᠬᠦᠮᠦᠵᠢᠯ ᠨᠢ ᠶᠡᠬᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠳ᠋ᠤ ᠤᠯᠠᠮ ᠢᠢᠡᠷ ᠴᠢᠬᠤᠯᠠ ᠪᠠᠢᠷᠢ ᠰᠠᠭᠤᠷᠢ ᠵᠢ ᠡᠵᠡᠯᠬᠦ ᠪᠣᠯᠵᠤ ᠪᠠᠢᠨ᠎ᠠ᠃ ᠨᠡᠢᠭᠡᠮ ᠨᠡᠢᠲᠡ ᠳ᠋ᠤ ᠰᠤᠷᠠᠭ ᠵᠠᠩᠬᠢ ᠶᠢᠨ ᠤᠯᠠᠮᠵᠢᠯᠠᠭᠠᠨ ᠤ ᠲᠡᠭᠡᠳᠦ ᠴᠢᠳᠠᠪᠤᠷᠢᠲᠠᠨ ᠢ ᠬᠦᠮᠦᠵᠢᠬᠦᠯᠦᠨ ᠦᠭᠬᠦ ᠪᠣᠯ ᠰᠣᠨᠢᠨ ᠮᠡᠳᠡᠭᠡᠨ ᠤ ᠲᠤᠰᠬᠠᠢ ᠮᠡᠷᠭᠡᠵᠢᠯ ᠤᠨ ᠪᠠᠭᠰᠢ ᠨᠠᠷ ᠤᠨ ᠴᠢᠬᠤᠯᠠ ᠡᠭᠦᠷᠭᠡ ᠪᠣᠯᠬᠤ ᠶᠣᠰᠤᠲᠠᠢ᠃ ᠡᠭᠦᠨ ᠳ᠋ᠤ ᠰᠣᠨᠢᠨ ᠮᠡᠳᠡᠭᠡᠨ ᠤ ᠲᠤᠰᠬᠠᠢ ᠮᠡᠷᠭᠡᠵᠢᠯ ᠤᠨ ᠪᠠᠭᠰᠢ ᠨᠠᠷ ᠬᠢᠴᠢᠶᠡᠯᠯᠡᠭᠡ ᠶᠢᠨ ᠶᠠᠰᠤ ᠴᠢᠨᠠᠷ ᠢᠢᠡᠨ ᠲᠠᠰᠤᠷᠠᠯᠲᠠ ᠦᠭᠡᠢ ᠲᠡᠭᠡᠭᠰᠢᠯᠡᠬᠦᠯᠬᠦ ᠪᠣᠯ ᠡᠨᠡᠬᠦ ᠡᠭᠦᠷᠭᠡᠨ ᠪᠠ ᠪᠡᠶᠡᠯᠡᠬᠦᠯᠬᠦ ᠶᠢᠨ ᠴᠢᠬᠤᠯᠠ ᠨᠦᠬᠦᠴᠡᠯ ᠪᠣᠯᠬᠤ ᠶᠣᠮ᠃
原文 没有原文
出自 蒙古学研究 2000年 第2期

联系我们


内蒙古大学图书馆
呼和浩特市大学西路235号
中国·内蒙古
P: (0471) 4992561
E: huangfeilong@imu.edu.cn