摘要 |
WTO ᠳᠤ ᠣᠷᠤᠭᠰᠠᠨ ᠠᠴᠠ ᠨᠠᠭᠠᠰᠢ᠂ ᠦᠭᠡᠷᠡᠴᠢᠯᠡᠯᠲᠡ ᠨᠡᠭᠡᠭᠡᠯᠲᠡ ᠶᠢᠨ ᠤᠯᠠᠮ ᠨᠢᠭᠡ ᠠᠯᠬᠤᠮ ᠭᠦᠨᠵᠡᠭᠡᠶᠢᠷᠡᠬᠦ ᠶᠢ ᠳᠠᠭᠠᠯᠳᠤᠨ᠂ ᠳᠤᠮᠳᠠᠳᠤ ᠤᠯᠤᠰ ᠤᠨ ᠭᠠᠳᠠᠭᠠᠳᠤ ᠠᠷᠠᠯᠵᠢᠶ᠎ᠠ ᠬᠤᠳᠠᠯᠳᠤᠭ᠎ᠠ ᠨᠢ ᠴᠤ ᠡᠳᠦᠷ ᠢᠷᠡᠬᠦᠶ᠎ᠡ ᠣᠯᠠᠰᠢᠷᠠᠵᠤ᠂ ᠲᠠᠸᠠᠷ ᠤᠨ ᠲᠡᠮᠳᠡᠭ ᠦᠨ ᠣᠷᠴᠢᠭᠤᠯᠭ᠎ᠠ ᠶᠢᠨ ᠴᠢᠬᠤᠯᠠ ᠴᠢᠨᠠᠷ ᠶᠠᠪᠤᠬᠤ ᠳᠤᠲᠤᠮ ᠳᠤᠪᠤᠢᠮ᠎ᠠ ᠪᠤᠯᠵᠤ ᠪᠠᠢᠭ᠎ᠠ᠃ ᠲᠠᠸᠠᠷ ᠤᠨ ᠲᠡᠮᠳᠡᠭ ᠲᠦ ᠦᠨᠳᠦᠰᠦᠲᠡᠨ ᠦ ᠦᠪᠡᠷᠮᠢᠴᠡ ᠰᠡᠳᠬᠢᠴᠡ᠂ ᠦᠷᠲᠡᠭ ᠦᠨ ᠦᠵᠡᠯᠲᠡ ᠵᠢᠴᠢ ᠭᠤᠤ᠎ᠠ ᠰᠠᠢᠬᠠᠨ ᠤ ᠲᠠᠭᠠᠰᠢᠶᠠᠯ ᠵᠡᠷᠭᠡ ᠰᠤᠶᠤᠯ ᠤᠨ ᠠᠭᠤᠯᠤᠭᠳᠠᠬᠤᠨ ᠢ ᠠᠭᠤᠯᠵᠤ ᠪᠠᠢᠬᠤ ᠤᠴᠢᠷ ᠠᠴᠠ ᠣᠨᠣᠪᠴᠢᠲᠠᠢ ᠣᠷᠴᠢᠭᠤᠯᠭ᠎ᠠ ᠬᠢᠬᠦ ᠶᠠᠪᠤᠳᠠᠯ ᠱᠠᠭᠠᠷᠳᠠᠭᠳᠠᠵᠤ ᠪᠠᠢᠨ᠎ᠠ᠃ ᠲᠠᠸᠠᠷ ᠤᠨ ᠲᠡᠮᠳᠡᠭ ᠦᠨ ᠬᠢᠲᠠᠳ ᠨᠡᠷᠡᠢᠳᠦᠯ ᠦᠨ ᠣᠨᠴᠠᠯᠢᠭ ᠰᠢᠨᠵᠢ ᠶᠢ ᠨᠠᠷᠢᠪᠴᠢᠯᠠᠨ ᠵᠠᠳᠠᠯᠤᠭᠰᠠᠨ ᠰᠠᠭᠤᠷᠢᠨ ᠳᠡᠭᠡᠷ᠎ᠡ ᠲᠡᠭᠦᠨ ᠢ ᠮᠣᠩᠭᠤᠯᠴᠢᠯᠠᠨ ᠢᠯᠡᠳᠭᠡᠬᠦ ᠳᠦ ᠵᠢᠷᠦᠮᠯᠡᠪᠡᠰᠦ ᠵᠤᠬᠢᠬᠤ ᠵᠠᠷᠴᠢᠮ ᠪᠠᠷᠢᠮᠵᠢᠶ᠎ᠠ ᠪᠠ ᠠᠷᠭ᠎ᠠ ᠠᠪᠴᠢᠯ ᠪᠠᠢᠬᠤ ᠬᠡᠷᠡᠭᠲᠡᠢ᠃ |