摘要 |
ᠲᠤ᠋ ᠸᠠᠩ ᠪᠤᠯ ᠮᠣᠩᠭᠤᠯᠴᠤᠳ ᠤᠨ ᠲᠦᠷᠦ ᠶᠤᠰᠤᠨ ᠤ ᠤᠯᠠᠮᠵᠢᠯᠠᠯ ᠢ ᠦᠪᠯᠡᠨ ᠵᠠᠯᠭᠠᠮᠵᠢᠯᠠᠵᠤ᠂ ᠬᠤᠰᠢᠭᠤ ᠨᠤᠲᠤᠭ ᠢᠶᠠᠨ ᠠᠮᠤᠷᠵᠢᠭᠤᠯᠤᠨ ᠵᠠᠰᠠᠬᠤ ᠲᠠᠯ᠎ᠠ ᠪᠠᠷ ᠬᠢᠴᠢᠶᠡᠨ ᠠᠵᠢᠯᠯᠠᠵᠤ ᠮᠠᠰᠢ ᠶᠡᠬᠡ ᠠᠮᠵᠢᠯᠲᠠ ᠣᠯᠣᠭᠰᠠᠨ ᠲᠦᠷᠦ ᠶᠢᠨ ᠵᠢᠳᠭᠦᠯᠲᠡᠨ ᠮᠦᠨ᠃ ᠲᠡᠷᠡ ᠲᠤᠬᠠᠢ ᠶᠢᠨ ᠴᠠᠭ ᠦᠶ᠎ᠡ ᠶᠢᠨ ᠨᠡᠢᠭᠡᠮ ᠦᠨ ᠪᠠᠢᠳᠠᠯ ᠪᠠ ᠬᠤᠰᠢᠭᠤ ᠨᠤᠲᠤᠭ ᠤᠨ ᠢᠶᠠᠨ ᠪᠤᠳᠠᠲᠠᠢ ᠪᠠᠢᠳᠠᠯ ᠳᠤ ᠴᠢᠭᠯᠡᠭᠦᠯᠦᠨ᠂ ᠤᠯᠠᠮᠵᠢᠯᠠᠯᠲᠤ ᠲᠦᠷᠦ ᠶᠤᠰᠤᠨ ᠢ ᠬᠢᠴᠢᠶᠡᠩᠭᠦᠢᠯᠡᠨ ᠳᠠᠭᠠᠬᠤ ᠶᠢᠨ ᠬᠠᠮᠲᠤ ᠰᠢᠨ᠎ᠡ ᠠᠭᠤᠯᠭ᠎ᠠ ᠨᠡᠮᠡᠷᠢᠯᠡᠵᠦ᠂ ᠬᠤᠰᠢᠭᠤᠨ ᠤ ᠬᠦᠮᠦᠨ ᠠᠷᠠᠳ ᠢᠶᠠᠨ ᠤᠯᠠᠮᠵᠢᠯᠠᠯᠲᠤ ᠶᠤᠰᠤ ᠵᠠᠩᠰᠢᠯ᠂ ᠲᠦᠷᠦ ᠶᠤᠰᠤ ᠪᠠᠷ ᠬᠦᠮᠦᠵᠢᠭᠦᠯᠬᠦ ᠪᠡ ᠬᠠᠤᠯᠢ ᠶᠤᠰᠤ ᠪᠠᠷ ᠵᠠᠰᠠᠭ ᠶᠠᠪᠤᠭᠤᠯᠬᠤ ᠵᠡᠷᠭᠡ ᠲᠠᠯ᠎ᠠ ᠳᠤ ᠳᠤᠪᠤᠢᠮ᠎ᠠ ᠦᠢᠯᠡᠳᠦᠯ ᠭᠠᠷᠭᠠᠭᠰᠠᠨ ᠪᠢᠯᠡ᠃ ᠲᠡᠭᠦᠨ ᠦ ᠲᠤᠷᠰᠢᠯᠭ᠎ᠠ ᠰᠤᠷᠭᠠᠮᠵᠢ ᠨᠢ ᠦᠨᠦ ᠴᠦ ᠭᠡᠰᠡᠨ ᠴᠢᠬᠤᠯᠠ ᠠᠴᠢ ᠬᠤᠯᠪᠤᠭᠳᠠᠯ ᠲᠠᠢ ᠶᠤᠮ᠃ |