摘要 |
ᠣᠷᠴᠢᠭᠤᠯᠭ᠎ᠠ ᠶᠢᠨ ᠠᠵᠢᠯ ᠪᠤᠯ ᠰᠢᠨᠵᠢᠯᠡᠬᠦ ᠤᠬᠠᠭᠠᠨ ᠪᠤᠯᠬᠤ ᠮᠦᠷᠲᠡᠭᠡᠨ ᠤᠷᠠᠯᠢᠭ ᠮᠦᠨ᠃ ᠰᠢᠨᠵᠢᠯᠡᠬᠦ ᠤᠬᠠᠭᠠᠨ ᠭᠡᠵᠦ ᠬᠡᠯᠡᠵᠦ ᠪᠠᠢᠭ᠎ᠠ ᠨᠢ ᠲᠡᠭᠦᠨ ᠦ ᠲᠦᠪ ᠴᠢᠩᠭ᠍᠎ᠠ ᠴᠢᠨᠠᠷ ᠢ ᠵᠢᠭᠠᠵᠤ ᠪᠠᠢᠭ᠎ᠠ ᠶᠤᠮ᠃ ᠤᠷᠠᠯᠢᠭ ᠭᠡᠵᠦ ᠬᠡᠯᠡᠵᠦ ᠪᠠᠢᠭ᠎ᠠ ᠨᠢ ᠲᠡᠭᠦᠨ ᠦ ᠣᠯᠠᠨ ᠲᠠᠯᠠᠲᠤ ᠴᠢᠨᠠᠷ ᠪᠠ ᠪᠦᠲᠦᠭᠡᠯᠴᠢ ᠴᠢᠨᠠᠷ ᠢ ᠵᠢᠭᠠᠵᠤ ᠪᠠᠢᠭ᠎ᠠ ᠶᠤᠮ᠃ ᠡᠢᠮᠦ ᠡᠴᠡ ᠣᠷᠴᠢᠭᠤᠯᠭ᠎ᠠ ᠶᠢᠨ ᠠᠵᠢᠯ ᠳᠤ ᠬᠠᠨᠳᠤᠬᠤ ᠳᠠᠭᠠᠨ ᠪᠦᠲᠦᠭᠡᠯᠴᠢ ᠴᠢᠨᠠᠷ ᠢ ᠪᠤᠳᠤᠯᠬᠢᠯᠠᠬᠤ ᠠᠴᠠ ᠭᠠᠳᠠᠨ᠎ᠠ ᠲᠡᠭᠦᠨ ᠦ ᠲᠦᠪ ᠴᠢᠩᠭ᠍᠎ᠠ ᠰᠢᠨᠵᠢᠯᠡᠬᠦ ᠤᠬᠠᠭᠠᠨᠴᠢ ᠴᠢᠨᠠᠷ ᠢ ᠪᠠᠷᠢᠮᠲᠠᠯᠠᠵᠤ᠂ ᠨᠠᠷᠢᠨ ᠬᠢᠨᠠᠮᠠᠭᠠᠢ ᠬᠠᠷᠢᠭᠤᠴᠠᠯᠭᠠᠲᠤ ᠣᠪᠤᠷ ᠢᠶᠠᠷ ᠬᠠᠨᠳᠤᠪᠠᠯ᠂ ᠣᠷᠴᠢᠭᠤᠯᠭ᠎ᠠ ᠶᠢᠨ ᠶᠠᠪᠤᠴᠠ ᠳᠤᠮᠳᠠ ᠲᠤᠯᠭᠠᠷᠠᠭᠰᠠᠨ ᠡᠯ ᠡ ᠵᠤᠢᠯ ᠤᠨ ᠮᠠᠳᠠᠭ ᠲᠠᠢ ᠵᠤᠢᠯ ᠪᠠ ᠬᠦᠴᠢᠷ ᠠᠰᠠᠭᠤᠳᠠᠯ ᠢ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠡᠷ ᠰᠢᠢᠳᠪᠦᠷᠢᠯᠡᠵᠦ ᠴᠢᠳᠠᠬᠤ ᠶᠤᠮ᠃ ᠡᠨᠡ ᠲᠠᠯ᠎ᠠ ᠪᠠᠷ ᠪᠢᠳᠡ ᠠᠬᠠᠮᠠᠳ ᠪᠠᠭᠰᠢᠨᠠᠷ ᠤᠨ ᠣᠷᠴᠢᠭᠤᠯᠭ᠎ᠠ ᠶᠢᠨ ᠠᠵᠢᠯ ᠳᠤ ᠬᠠᠨᠳᠤᠳᠠᠭ ᠲᠦᠪ ᠬᠢᠨᠠᠮᠠᠭᠠᠢ ᠬᠠᠷᠢᠭᠤᠴᠠᠯᠭᠠᠲᠤ ᠣᠪᠤᠷ ᠢ ᠰᠤᠷᠤᠯᠴᠠᠵᠤ᠂ ᠦᠪᠡᠷ ᠦᠨ ᠲᠤᠬᠠᠢᠯᠠᠭᠰᠠᠨ ᠠᠵᠢᠯ ᠤᠨ ᠡᠭᠦᠷᠭᠡ ᠬᠠᠷᠢᠭᠤᠴᠠᠯᠭᠠᠲᠤ ᠣᠪᠤᠷ ᠢ ᠪᠠᠷᠢᠮᠲᠠᠯᠠᠵᠤ᠂ ᠦᠪᠡᠷ ᠦᠨ ᠲᠤᠬᠠᠢᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠦᠩᠭᠡ ᠭᠡᠷᠡᠯ ᠢ ᠲᠠᠨᠢᠵᠤ ᠪᠤᠯᠤᠨ᠎ᠠ᠃ |