论文信息


题名 ᠤᠯᠠᠭᠠᠢ ᠨᠤᠢᠲᠠᠨ ᠴᠢᠭᠢᠭ᠍ᠯᠢᠭ ᠭᠠᠵᠠᠷ ᠤᠨ ᠰᠤᠳᠤᠯᠤᠯᠲᠠ ᠶᠢᠨ ᠠᠬᠢᠴᠠ
作者 ᠸᠠᠩ ᠱᠤ ᠹᠠᠩ; ᠤᠯᠠᠭᠠᠨᠲᠤᠶᠠᠭ᠎ᠠ
关键词 ᠤᠯᠠᠭᠠᠢ; ᠨᠤᠢᠲᠠᠨ ᠴᠢᠭᠢᠭ᠍ᠯᠢᠭ ᠭᠠᠵᠠᠷ; ᠰᠤᠳᠤᠯᠤᠯᠲᠠ ᠶᠢᠨ ᠠᠬᠢᠴᠠ
摘要 ᠨᠤᠢᠲᠠᠨ ᠴᠢᠭᠢᠭ᠍ᠯᠢᠭ ᠭᠠᠵᠠᠷ ᠤᠨ ᠲᠤᠬᠠᠢ ᠰᠤᠳᠤᠯᠤᠯᠲᠠ ᠶᠢᠨ ᠮᠠᠲ᠋ᠧᠷᠢᠶᠠᠯ ᠨᠢ ᠭᠤᠤᠯᠳᠠᠭᠤ ᠴᠢᠭᠢᠭ᠍ᠯᠢᠭ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠢᠷᠢ ᠬᠡᠮᠵᠢᠶ᠎ᠡ᠂ ᠰᠤᠳᠤᠯᠤᠯ ᠤᠨ ᠣᠳᠣᠬᠢ ᠪᠠᠢᠳᠠᠯ ᠵᠢᠴᠢ ᠬᠦᠭᠵᠢᠯᠲᠡ ᠶᠢᠨ ᠬᠠᠨᠳᠤᠰᠢ ᠵᠡᠷᠭᠡ ᠶᠢ ᠪᠠᠭᠲᠠᠭᠠᠨ᠎ᠠ᠃ ᠲᠤᠰ ᠦᠭᠦᠯᠡᠯ ᠳᠦ᠂ 1990 ᠣᠨ — 2011 ᠣᠨ ᠤ ᠬᠤᠭᠤᠷᠤᠨᠳᠤᠬᠢ ᠤᠯᠠᠭᠠᠢ ᠨᠤᠢᠲᠠᠨ ᠴᠢᠭᠢᠭ᠍ᠯᠢᠭ ᠭᠠᠵᠠᠷ ᠢ ᠰᠤᠳᠤᠯᠤᠭᠰᠠᠨ ᠦᠭᠦᠯᠡᠯ ᠦᠳ ᠢᠶᠡᠷ ᠲᠤᠭ᠎ᠠ ᠪᠠᠷᠢᠮᠲᠠ ᠶᠢᠨ ᠢᠷᠡᠯᠲᠡ ᠪᠤᠯᠭᠠᠵᠤ᠂ ᠡᠳᠡᠭᠡᠷ ᠦᠭᠦᠯᠡᠯ ᠦᠨ ᠰᠤᠳᠤᠯᠤᠭᠰᠠᠨ ᠠᠭᠤᠯᠭ᠎ᠠ ᠶᠢ ᠨᠤᠢᠲᠠᠨ ᠴᠢᠭᠢᠭ᠍ᠯᠢᠭ ᠭᠠᠵᠠᠷ ᠤᠨ ᠦᠵᠡᠮᠵᠢ ᠶᠢᠨ ᠠᠮᠢ ᠠᠬᠤᠢ ᠶᠢᠨ ᠰᠤᠳᠤᠯᠤᠯ᠂ ᠤᠷᠭᠤᠮᠠᠯ ᠤᠨ ᠰᠤᠳᠤᠯᠤᠯ᠂ ᠭᠠᠵᠠᠷ ᠰᠢᠷᠦᠢ ᠶᠢᠨ ᠬᠤᠴᠢᠴᠠ ᠶᠢᠨ ᠬᠤᠪᠢᠷᠠᠯᠲᠠ ᠶᠢᠨ ᠰᠤᠳᠤᠯᠤᠯ᠂ ᠣᠷᠴᠢᠨ ᠲᠤᠭᠤᠷᠢᠨ ᠤ ᠦᠨᠡᠯᠡᠯᠲᠡ ᠵᠡᠷᠭᠡ ᠲᠠᠯ᠎ᠠ ᠪᠠᠷ ᠠᠩᠭᠢᠯᠠᠨ᠂ ᠰᠤᠳᠤᠯᠭᠠᠨ ᠤ ᠦᠷ᠎ᠡ ᠪᠦᠲᠦᠭᠡᠯ ᠢ ᠬᠤᠷᠢᠶᠠᠩᠭᠤᠢᠯᠠᠵᠤ᠂ ᠤᠯᠤᠰ ᠤᠨ ᠳᠤᠲᠤᠭᠠᠳᠤ ᠭᠠᠳᠠᠭᠠᠳᠤ ᠶᠢᠨ ᠨᠤᠢᠲᠠᠨ ᠴᠢᠭᠢᠭ᠍ᠯᠢᠭ ᠭᠠᠵᠠᠷ ᠤᠨ ᠰᠤᠳᠤᠯᠤᠯ ᠤᠨ ᠲᠤᠬᠠᠢ ᠬᠠᠮᠤᠭ ᠤᠨ ᠰᠢᠨ᠎ᠡ ᠬᠦᠳᠡᠯᠦᠩᠭᠦᠢ ᠬᠠᠨᠳᠤᠰᠢ ᠲᠠᠢ ᠤᠶᠠᠯᠳᠤᠭᠤᠯᠤᠨ᠂ ᠤᠯᠠᠭᠠᠢ ᠨᠤᠢᠲᠠᠨ ᠴᠢᠭᠢᠭ᠍ᠯᠢᠭ ᠭᠠᠵᠠᠷ ᠤᠨ ᠢᠷᠡᠭᠡᠳᠦᠢ ᠶᠢᠨ ᠰᠤᠳᠤᠯᠭᠠᠨ ᠤ ᠬᠡᠪᠴᠢᠶ᠎ᠡ ᠶᠢ ᠦᠭᠦᠯᠡᠭᠰᠡᠨ ᠪᠠᠢᠨ᠎ᠠ᠃
原文 没有原文
出自 内蒙古师范大学学报(自然科学蒙古文版) 2013年 第1期

联系我们


内蒙古大学图书馆
呼和浩特市大学西路235号
中国·内蒙古
P: (0471) 4992561
E: huangfeilong@imu.edu.cn